ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠬᠤᠶᠠᠷ ᠭᠡᠰᠢᠭᠦᠨ ᠪᠦᠬᠦ ᠣᠷᠣᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/7/19
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂  ᠰᠢᠯᠢᠳᠡᠭ ᠤᠷᠠᠯᠢᠭ ᠤᠨ ᠴᠢᠳᠠᠪᠤᠷᠢᠲᠠᠨ ᠢ ᠬᠦᠮᠦᠵᠢᠭᠦᠯᠦᠨ᠂ ᠦᠨᠳᠦᠰᠦᠨ ᠱᠠᠲᠤᠨ ᠤ ᠤᠯᠠᠭᠠᠨᠮᠥ᠋ᠴᠢᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠡᠪ ᠪᠣᠯᠪᠠᠰᠤᠷᠠᠯ ᠪᠠ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠬᠢᠨ ᠯᠢᠦ ᠶᠧ ᠶᠢ ᠲᠤᠰᠬᠠᠶᠢᠯᠠᠨ ᠲᠣᠮᠢᠯᠠᠵᠤ ᠥᠪᠥᠷ ᠮᠣᠩᠭᠤᠯ ᠤᠨ ᠢᠳᠡᠷ ᠵᠠᠯᠠᠭᠤ ᠨᠠᠰᠤᠨ ᠤ ᠰᠢ ᠵᠦᠴᠦᠭᠡ ᠨᠠᠶᠢᠷᠠᠭᠤᠯᠤᠨ ᠤᠳᠤᠷᠢᠳᠤᠭᠠᠴᠢ ᠶᠢᠨ ᠪᠣᠯᠪᠠᠰᠤᠷᠠᠯ ᠳᠤ ᠣᠷᠣᠯᠴᠠᠭᠤᠯᠵᠤ᠂ ᠯᠢᠦ ᠶᠠ ᠨᠠᠨ ᠢ ᠤᠯᠤᠰ ᠤᠨ ᠤᠷᠠᠯᠢᠭ ᠤᠨ ᠰᠠᠭᠤᠷᠢ ᠮᠥᠩᠭᠦ ᠶᠢᠨ 2020 ᠣᠨ ᠤ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠵᠣᠭᠤᠰ ᠢᠶᠠᠷ ᠲᠤᠰᠠᠯᠠᠬᠤ ᠲᠥᠷᠥᠯ ᠵᠦᠢᠯ᠂ ᠤᠯᠠᠭᠠᠨᠮᠥ᠋ᠴᠢᠷ ᠤᠨ ︽ᠮᠣᠩᠭᠤᠯ ᠦᠨᠳᠦᠰᠦᠲᠡᠨ ᠤ ᠪᠥᠵᠢᠭ︾ ᠤᠨ ᠲᠣᠭᠯᠠᠯᠲᠠ᠂ ᠵᠣᠬᠢᠶᠠᠨ ᠪᠦᠲᠦᠭᠡᠬᠦ ᠴᠢᠳᠠᠪᠤᠷᠢᠲᠠᠨ ᠤ ᠬᠥᠮᠦᠵᠢᠯ ᠳᠤ ᠣᠷᠣᠯᠴᠠᠭᠤᠯᠪᠠ᠃     ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠨ ᠤ ᠳᠣᠲᠣᠨ᠎ᠠ ᠭᠠᠳᠠᠨᠠᠬᠢ ᠤᠯᠠᠨ ᠲᠤᠰᠬᠠᠢ ᠮᠡᠷᠭᠡᠵᠢᠯᠲᠡᠨ ᠪᠠᠭᠰᠢ ᠶᠢ ᠤᠷᠢᠵᠤ ᠬᠢᠴᠢᠶᠡᠯ ᠣᠷᠣᠭᠤᠯᠣᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠲᠤᠬᠠᠢ ᠤᠯᠠᠨ ᠤᠳᠠᠭ᠎ᠠ ᠲᠠᠯᠪᠢᠭᠰᠠᠨ ᠴᠢᠬᠤᠯᠠ ᠶᠠᠷᠢᠶ᠎ᠠ ᠶᠢ ᠭᠦᠨᠵᠡᠭᠡᠢ ᠵᠠᠳᠠᠯᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠲᠤ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠤ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠦᠨ᠂ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠶᠣᠰᠣ ᠰᠤᠷᠲᠠᠬᠤᠨ ᠢ ᠡᠷᠬᠢᠮᠯᠡᠬᠦ ᠲᠠᠯ᠎ᠠ ᠪᠠᠷ ᠰᠢᠨ᠎ᠡ ᠬᠡᠪ ᠨᠠᠮᠪᠠᠭ᠎ᠠ ᠲᠠᠢ ᠪᠣᠯᠬᠤ ᠶᠢ ᠵᠣᠷᠢᠭᠵᠢᠭᠤᠯᠪᠠ᠃ ᠪᠣᠯᠪᠠᠰᠣᠷᠠᠯ ᠢᠶᠠᠷ ᠲᠠᠮᠵᠢᠨ᠂  ᠲᠡᠳᠡ ︽ᠣᠨᠣᠯ +  ᠦᠢᠯᠡᠳᠦᠯᠬᠡ︾ ᠶᠢᠨ ᠰᠤᠷᠤᠯᠴᠠᠬᠤ ᠬᠡᠯᠪᠡᠷᠢ ᠪᠠᠷ᠂ ᠰᠣᠷᠣᠭᠰᠠᠨ ᠦᠷ᠎ᠡ ᠪᠦᠲᠦᠭᠡᠯ ᠢᠶᠠᠨ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠳᠤ ᠠᠭᠤᠰᠬᠠᠵᠤ᠂ ᠬᠤᠶᠢᠰᠢᠳᠠ ᠶᠢᠨ ᠤᠯᠠᠭᠠᠨᠮᠥ᠋ᠴᠢᠷ ᠤᠨ ᠣᠷᠣᠨ ᠨᠤᠲᠤᠭ ᠤᠨ ᠰᠣᠶᠣᠯ ᠤᠨ  ᠦᠢᠯᠡᠰ ᠲᠤ ᠨᠠᠩ ᠰᠠᠶᠢᠲᠤᠷ  ᠦᠢᠯᠡᠴᠢᠯᠡᠨ᠎ᠡ ᠬᠡᠮᠡᠨ ᠢᠯᠡᠷᠬᠡᠶᠢᠯᠡᠪᠡ᠃

技能培训1.jpg

技能培训2.jpg

技能培训4.png

技能培训3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ