ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠵᠦ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠤ | ᠨᠠᠮ ᠤᠨ ᠤᠨᠤᠯ ᠤᠨ ᠮᠡᠳᠡᠯᠭᠡ ᠶᠢ ᠡᠵᠡᠮᠰᠢᠬᠦ ᠶᠢ ᠬᠦᠨᠵᠡᠭᠡᠶᠢᠷᠡᠭᠦᠯᠦᠨ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ | ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠲᠠᠢ ᠯᠢᠶᠠᠩ | ᠲᠣᠰᠬᠤᠨ ᠤ ᠨᠠᠮ ᠤᠨ ᠡᠭᠦᠷ ᠲᠠᠢ ᠬᠠᠮᠲᠤᠷᠠᠨ ︽ᠰᠠᠶᠢᠨ ᠳᠠᠭᠠᠭᠤᠯᠤᠭᠴᠢ ᠪᠣᠯᠬᠤ︾ ᠪᠠᠷ ᠭᠤᠤᠯ ᠰᠡᠳᠦᠪ ᠪᠣᠯᠭᠠᠭᠰᠠᠨ ᠨᠠᠮ ᠤᠨ ᠲᠡᠦᠬᠡ ᠶᠢᠨ ᠮᠡᠳᠡᠯᠭᠡ ᠶᠢᠨ | ᠤᠷᠤᠯᠳᠤᠭᠠᠨ ᠤ ᠠᠵᠢᠯᠯᠠᠭ᠎ᠠ ᠥᠷᠨᠢᠭᠦᠯᠪᠡ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 60 ᠭᠠᠷᠤᠶ ᠨᠠᠮ ᠤᠨ ᠭᠡᠰᠢᠭᠦᠨ᠂ ︽ᠲᠠᠪᠤᠨ ᠠᠬᠠᠮᠠᠳ︾ | ᠪᠦᠷᠢᠯᠳᠦᠬᠦᠨ ᠬᠠᠮᠲᠤ ᠪᠠᠷ ᠣᠷᠣᠯᠴᠠᠪᠠ᠃ | | | | | ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠤ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ︽ᠲᠡᠦᠬᠡ ᠰᠤᠷᠴᠤ ᠶᠣᠰᠣ ᠶᠢ ᠮᠡᠳᠡᠬᠦ᠂ ᠲᠡᠦᠬᠡ ᠰᠤᠷᠴᠤ | ᠢᠲᠡᠭᠡᠮᠵᠢ ᠨᠡᠮᠡᠭᠳᠡᠭᠦᠯᠬᠦ᠂ ᠲᠡᠦᠬᠡ ᠰᠤᠷᠴᠤ ᠮᠣᠷᠠᠯ ᠢ ᠡᠷᠬᠢᠮᠯᠡᠬᠦ᠂ ᠲᠡᠦᠬᠡ ᠰᠤᠷᠴᠤ ᠬᠦᠴᠦᠯᠡᠨ ᠬᠢᠬᠦ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠥᠭᠵᠢᠯᠲᠡ ᠶᠢᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ | ᠵᠢᠷᠤᠮ ᠤᠨ ᠬᠥᠭᠵᠢᠯᠲᠡ ᠶᠢᠨ ᠲᠡᠦᠬᠡ ᠵᠡᠷᠭᠡ ᠬᠠᠮᠢᠶ᠎ᠠ ᠪᠥᠬᠦᠶ ᠮᠡᠳᠡᠯᠭᠡ ᠶᠢ ᠬᠠᠮᠤᠷᠴᠠᠶ᠃ ᠤᠷᠤᠯᠳᠤᠭᠠᠨ ᠳᠤ ᠣᠷᠣᠯᠴᠠᠭᠰᠠᠳ ᠢᠳᠡᠪᠬᠢᠲᠡᠶ ᠪᠠᠷ ᠰᠡᠳᠦᠪ | ᠬᠠᠷᠢᠭᠤᠯᠵᠤ᠂ ᠨᠢᠭᠡ ᠤᠳᠠᠭᠠᠨ ᠤ ᠨᠠᠮ ᠤᠨ ᠲᠡᠦᠬᠡ ᠶᠢᠨ ᠮᠡᠳᠡᠯᠭᠡ ᠶᠢᠨ ︽ᠶᠡᠭᠡ ᠪᠣᠯᠪᠠᠰᠤᠷᠠᠯ︾ ᠪᠣᠯᠪᠠ᠃ | ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠨᠠᠮ ᠤᠨ ᠲᠡᠦᠬᠡ ᠶᠢ ᠰᠤᠷᠤᠯᠴᠠᠬᠤ | ᠶᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠤᠰᠬᠠᠶ ᠰᠡᠳᠦᠪ ᠢᠶᠠᠷ ᠰᠤᠷᠤᠯᠴᠠᠬᠤ᠂ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ | ᠰᠤᠷᠤᠯᠴᠠᠬᠤ ᠵᠡᠷᠭᠡ ᠬᠡᠯᠪᠡᠷᠢ ᠶᠢ ᠠᠪᠴᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠦᠰ ᠤᠨ | ᠰᠡᠳᠬᠢᠯ ᠳᠤ ᠬᠠᠳᠠᠩᠰᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠲᠡᠦᠬᠡ ᠰᠤᠷᠤᠯᠴᠠᠭᠤᠯᠤᠨ ᠶᠣᠰᠣ ᠤᠴᠢᠷ ᠢ ᠣᠶᠢᠯᠠᠭᠠᠭᠤᠯᠵᠤ᠂ ᠲᠡᠦᠬᠡ ᠰᠤᠷᠤᠯᠴᠠᠭᠤᠯᠤᠨ ᠢᠲᠡᠭᠡᠮᠵᠢ ᠶᠢ ᠨᠢ ᠨᠡᠮᠡᠭᠳᠡᠭᠦᠯᠵᠦ᠂ ᠲᠡᠦᠬᠡ ᠰᠤᠷᠤᠯᠴᠠᠭᠤᠯᠤᠨ | ᠶᠣᠰᠣ ᠰᠤᠷᠲᠠᠬᠤᠨ ᠢ ᠳᠡᠭᠡᠳᠦᠯᠡᠭᠦᠯᠵᠦ᠂ ᠲᠡᠦᠬᠡ ᠰᠤᠷᠤᠯᠴᠠᠭᠤᠯᠤᠨ ᠦᠢᠯᠡᠳᠦᠯᠭᠡᠵᠢᠬᠦᠯᠬᠦ ᠪᠠᠷ ᠪᠣᠢ᠃ | |