ᠤᠷᠠᠳ ᠤᠨ ᠡᠮᠦᠨᠡᠲᠦ ᠬᠤᠰᠢᠭᠤᠨ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠪᠤᠴᠠᠭᠠᠬᠤ ᠭᠠᠶᠢᠯᠢ ᠶᠢ ᠪᠠᠭᠠᠰᠬᠠᠵᠤ  ᠰᠦᠢᠳᠭᠡᠯ ᠢ ᠪᠠᠭᠤᠷᠠᠭᠤᠯᠬᠤ ᠵᠢᠴᠢ ᠭᠠᠶᠢᠯᠢ  ᠶᠢᠨ  ᠰᠦᠢᠳᠭᠡᠯ ᠢ ᠬᠤᠶᠢᠰᠢᠯᠠᠭᠤᠯᠬᠤ ᠬᠡᠮᠵᠢᠶ᠎ᠡ 2 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2022/7/20
     ᠯᠢ ᠶᠤᠸᠠᠢ ᠤᠷᠠᠳ ᠤᠨ ᠡᠮᠦᠨᠡᠲᠦ ᠬᠤᠰᠢᠭᠤᠨ ᠳᠤ ᠨᠢᠭᠡᠨ ᠲᠡᠮᠦᠷᠯᠢᠭ ᠤᠨ ᠲᠦᠷᠦᠯ ᠵᠦᠢᠯ ᠤᠨ ᠳᠡᠯᠭᠡᠭᠦᠷ ᠡᠵᠡᠩᠨᠡᠵᠦ  ᠪᠠᠶᠢᠳᠠᠭ᠃ ᠡᠨᠡ ᠬᠤᠶᠠᠷ ᠡᠳᠦᠷ ᠲᠡᠷᠡ ᠬᠤᠰᠢᠭᠤᠨ ᠤ ᠵᠠᠰᠠᠭ ᠤᠨ ᠶᠠᠪᠤᠳᠠᠯ ᠤᠨ ᠲᠢᠩᠬᠢᠮ ᠳᠤ ᠬᠦᠷᠴᠦ ᠠᠵᠢᠯᠲᠠᠨ ᠤ ᠵᠢᠯᠣᠭᠤᠳᠣᠯᠭ᠎ᠠ ᠪᠠᠷ ᠬᠤᠯᠪᠣᠭᠳᠠᠯ ᠪᠥᠬᠦᠶ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠪᠠ᠃ ᠭᠠᠶᠢᠯᠢ ᠶᠢᠨ ᠶᠠᠪᠤᠳᠠᠯ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠬᠤᠶᠠᠳᠤᠭᠠᠷ ᠤᠯᠠᠷᠢᠯ ᠳᠤ ᠯᠢ ᠶᠤᠸᠠᠢ ᠶᠢᠨ ᠳᠡᠯᠭᠡᠭᠦᠷ   ᠤᠨ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ 5 ᠲᠦᠮᠡᠨ ᠲᠥᠭᠦᠷᠢᠭ ᠭᠠᠷᠭᠠᠵᠤ᠂ ᠥᠷᠲᠡᠭ ᠨᠡᠮᠡᠭᠳᠡᠯ ᠤᠨ ᠭᠠᠶᠢᠯᠢ 15000 ᠲᠥᠭᠦᠷᠢᠭ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ 5000 ᠲᠥᠭᠦᠷᠢᠭ ᠲᠠᠲᠠᠪᠤᠷᠢᠯᠠᠵᠤ᠂ ᠭᠠᠶᠢᠯᠢ ᠬᠥᠩᠭᠡᠯᠡᠵᠦ  ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠭᠰᠡᠨ ᠤ ᠳᠠᠷᠠᠭ᠎ᠠ ᠥᠷᠲᠡᠭ ᠨᠡᠮᠡᠭᠳᠡᠯ ᠤᠨ ᠭᠠᠶᠢᠯᠢ ᠶᠢ ᠪᠦᠬᠦᠨ ᠢ ᠬᠡᠯᠲᠦᠷᠢᠭᠦᠯᠵᠦ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠭᠠᠰ ᠢᠶᠠᠷ ᠬᠠᠰᠤᠵᠤ  ᠲᠠᠲᠠᠪᠣᠷᠢᠯᠠᠪᠠ᠃

退税1.jpg

     ᠣᠶᠢᠯᠠᠭᠠᠭᠰᠠᠨ ᠢᠶᠠᠷ᠂ ᠡᠨᠡ ᠵᠢᠯ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠮ ᠬᠡᠯᠪᠡᠷᠢ ᠶᠢᠨ ᠭᠠᠶᠢᠯᠢ 

ᠰᠦᠢᠳᠭᠡᠯ ᠤᠨ ᠳᠡᠮᠵᠢᠯᠭᠡ ᠶᠢᠨ ᠰᠢᠨ᠎ᠡ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠢᠯᠠᠩᠭᠤᠶ᠎ᠠ ᠶᠡᠭᠡ ᠬᠡᠪᠴᠢᠶᠡᠨ ᠤ ᠥᠷᠲᠡᠭ

ᠨᠡᠮᠡᠭᠳᠡᠯ ᠤᠨ ᠭᠠᠶᠢᠯᠢ ᠶᠢ ᠦᠯᠡᠳᠡᠭᠡᠨ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 4 - 6 ᠰᠠᠷ᠎ᠠ ᠳᠤ ᠪᠥᠬᠦ ᠬᠤᠰᠢᠭᠤᠨ ᠤ ᠨᠡᠶᠢᠲᠡ

1 . 796 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠭᠰᠠᠨ ᠵᠣᠭᠤᠰ ᠢ ᠭᠠᠶᠢᠯᠢ ᠲᠤᠰᠢᠶᠠᠭᠴᠢ ᠶᠢᠨ ᠲᠠᠩᠰᠠᠨ ᠡᠷᠦᠬᠡ ᠳᠤ ᠪᠤᠴᠠᠭᠠᠵᠤ᠂ ᠨᠢᠭᠡᠨᠲᠡ ᠭᠠᠶᠢᠯᠢ

ᠪᠤᠴᠠᠭᠠᠭᠰᠠᠨ ᠭᠠᠶᠢᠯᠢ ᠲᠤᠰᠢᠶᠠᠭᠴᠢ ᠶᠢᠨ ᠳᠣᠲᠣᠷ᠎ᠠ᠂ ᠵᠢᠵᠢᠭ ᠪᠢᠴᠢᠯ ᠠᠵᠤ ᠠᠬᠤᠶᠢᠯᠠᠯ ᠪᠣᠯ ᠭᠤᠤᠯ ᠠᠰᠢᠭ ᠭᠥᠷᠳᠡᠬᠦ ᠭᠤᠤᠯ ᠴᠣᠭᠴᠠ ᠪᠣᠯᠤᠨ᠎ᠠ᠃ ᠡᠭᠦᠨ ᠠᠴᠠ

ᠭᠠᠳᠠᠨ᠎ᠠ᠂ 1 - 5 ᠰᠠᠷ᠎ᠠ ᠳᠤ ᠪᠥᠬᠦ ᠬᠤᠰᠢᠭᠤᠨ ᠤ ᠵᠢᠷᠭᠤᠭᠠᠨ ᠭᠠᠶᠢᠯᠢ ᠬᠤᠶᠠᠷ  ᠰᠦᠢᠳᠭᠡᠯ ᠢ 993 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠂

ᠦᠢᠯᠡᠳᠬᠦ ᠦᠢᠯᠡᠰ ᠤᠨ ᠭᠠᠶᠢᠯᠢ ᠰᠦᠢᠳᠭᠡᠯ ᠢ ᠤᠳᠠᠭᠠᠰᠢᠷᠠᠭᠤᠯᠤᠭᠰᠠᠨ ᠵᠣᠭᠤᠰ ᠤᠨ ᠲᠤᠭ᠎ᠠ 3824 ᠲᠦᠮᠡᠨ ᠲᠥᠭᠦᠷᠢᠭ ᠲᠤ ᠬᠦᠷᠴᠦ᠂ ᠬᠠᠮ ᠬᠡᠯᠪᠡᠷᠢ ᠶᠢᠨ

ᠭᠠᠶᠢᠯᠢ  ᠰᠦᠢᠳᠭᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ

ᠠᠬᠤᠶᠢᠯᠠᠯ ᠤᠨ ︽ᠳᠠᠷᠤᠭᠠᠰᠤ ᠥᠬᠡᠶ ᠠᠵᠢᠯᠯᠠᠬᠤ︾ ᠳᠤ ᠬᠦᠴᠦᠨ ᠨᠡᠮᠡᠷᠢᠯᠡᠪᠡ᠃

退税2.jpg

     ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤ ᠬᠡᠯᠡᠬᠦ ᠪᠠᠷ᠂ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠪᠣᠯ ᠡᠨᠡ ᠵᠢᠯ ᠤᠨ

ᠲᠥᠷᠥ ᠶᠢᠨ ᠶᠠᠪᠤᠳᠠᠯ ᠤᠨ ᠬᠤᠷᠢᠶᠠᠨ ᠤ ᠬᠤᠷᠸ᠎ᠠ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠮᠥᠨ᠂

ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮ ᠬᠡᠯᠪᠡᠷᠢ ᠶᠢᠨ ᠰᠢᠨ᠎ᠡ ᠭᠠᠶᠢᠯᠢ

ᠰᠦᠢᠳᠭᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ

ᠪᠥᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠨᠠᠩ ᠰᠠᠶᠢᠨ ᠬᠥᠭᠵᠢᠯᠲᠡ ᠳᠤ ᠨᠠᠩ

ᠣᠯᠠᠨ ᠬᠤᠪᠢ ᠨᠡᠮᠡᠷᠢ  ᠪᠠᠨ ᠦᠵᠡᠭᠦᠯᠦᠨ᠎ᠡ ᠭᠡᠵᠡᠶ᠃

退税3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ