ᠶᠢ ᠸᠧᠢ ᠵᠠᠯᠠᠭᠤᠴᠤᠳ ᠤᠨ ᠬᠥᠳᠡᠭᠡ ᠲᠣᠰᠬᠤᠨ ᠤ ᠵᠤᠰᠠᠯᠠᠩ ᠡᠬᠢᠯᠡᠵᠡᠢ︕
ᠨᠡᠶᠢᠲᠡᠯᠡᠭᠰᠡᠨ ᠴᠠᠭ᠄
2022/7/25
      ᠮᠢᠩᠭᠠᠨ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠶᠢ ᠤᠯᠠᠮ ᠨᠢᠭᠡ ᠠᠯᠬᠤᠮ  ᠴᠢᠩᠭᠠᠳᠬᠠᠵᠤ᠂ ᠲᠡᠳᠡᠨ ᠳᠤ ᠬᠠᠨᠢ ᠪᠣᠯᠵᠤ ᠨᠢᠭᠡᠨ ᠪᠦᠷᠢᠨ ᠪᠦᠲᠦᠨ᠂ ᠤᠳᠬ᠎ᠠ ᠠᠭᠤᠯᠭ᠎ᠠ ᠲᠠᠢ ᠵᠣᠨ ᠤ ᠠᠮᠠᠷᠠᠯᠲᠠ ᠶᠢ ᠥᠩᠭᠡᠷᠡᠭᠦᠯᠵᠦ᠂ ᠬᠡᠦᠬᠡᠳ ᠤᠳ ᠤᠨ ᠠᠯᠤᠰ ᠬᠡᠲᠦ ᠶᠢᠨ ᠬᠦᠰᠡᠯᠡᠩ ᠲᠠᠢ ᠪᠣᠯᠬᠤ ᠶᠢᠨ ᠬᠠᠮᠲᠤ ᠲᠡᠭᠦᠨ ᠤ ᠲᠥᠯᠥᠭᠡ ᠲᠡᠮᠡᠴᠡᠬᠦ ᠤᠷᠤᠭᠰᠢᠯᠠᠯᠲᠠ ᠶᠢᠨ ᠬᠥᠳᠡᠯᠭᠡᠭᠦ ᠬᠦᠴᠦᠨ ᠢ  ᠬᠦᠭᠵᠢᠭᠡᠬᠦ ᠶᠢᠨ ᠲᠥᠯᠥᠭᠡ  2022 ᠣᠨ ᠤ 7 ᠰᠠᠷ᠎ᠠ ᠶᠢᠨ 21  ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠪᠰᠤᠷᠤᠯᠭ᠎ᠠ ᠳᠡᠮᠵᠢᠯᠭᠡ ᠳᠣᠣᠷ᠎ᠠ᠂  ᠮᠢᠩᠭᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠢᠳᠡᠪᠬᠢᠲᠡᠢ ᠬᠠᠷᠢᠯᠴᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂  ᠶᠢ ᠸᠧᠢ ᠵᠠᠯᠠᠭᠤᠴᠤᠳ ᠤᠨ ᠬᠥᠳᠡᠭᠡ ᠲᠣᠰᠬᠤᠨ ᠤ ᠵᠤᠰᠠᠯᠠᠩ ᠤᠨ  ᠡᠬᠢᠯᠡᠯᠲᠡ ᠶᠢᠨ ᠶᠣᠰᠣᠯᠠᠯ  ᠮᠢᠩᠭᠠᠨ  ᠪᠠᠭ᠎ᠠ ᠰᠤᠷᠭᠠᠭᠤᠯᠢ ᠳᠤ  ᠶᠠᠪᠤᠭᠳᠠᠪᠠ᠃

夏令营1.jpg

      ᠮᠢᠩᠭᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠪᠠᠯᠭᠠᠰᠤᠨ ᠤ ᠳᠠᠷᠤᠭ᠎ᠠ᠂ ᠬᠤᠶᠢᠴᠢ ᠦᠶ᠎ᠡ ᠶᠢᠨ

 ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠠᠨ ᠸᠧᠨ ᠪᠦᠦ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ

ᠬᠡᠯᠡᠪᠡ᠃ ᠬᠠᠨ ᠸᠧᠨ ᠪᠦᠦ ᠶᠢ ᠸᠧᠢ ᠵᠠᠯᠠᠭᠤᠴᠤᠳ ᠤᠨ ᠬᠥᠳᠡᠭᠡ ᠲᠣᠰᠬᠤᠨ ᠤ ᠵᠤᠰᠠᠯᠠᠩ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠬᠦᠷᠦᠯᠴᠡᠨ

ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠡᠦᠬᠡᠳ ᠤᠳ ᠡᠨᠡ ᠤᠳᠠᠭ᠎ᠠ ᠶᠢᠨ ᠵᠤᠰᠠᠯᠠᠩ ᠤᠨ ᠠᠵᠢᠯᠯᠠᠭ᠎ᠠ ᠪᠠᠷ ᠳᠠᠮᠵᠢᠭᠤᠯᠤᠨ᠂

ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ ᠶᠢᠨ ᠲᠥᠯᠥᠭᠡ ᠨᠣᠮ ᠪᠢᠴᠢᠭ ᠤᠩᠰᠢᠵᠤ᠂ ᠠᠯᠤᠰ ᠬᠡᠳᠤ ᠶᠢᠨ ᠬᠦᠰᠡᠯᠡᠩ ᠢ ᠪᠤᠢ ᠪᠣᠯᠭᠠᠵᠤ᠂ ᠶᠡᠷᠦᠩᠬᠡᠢ ᠬᠡᠪ

ᠴᠢᠨᠠᠷ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭ ᠰᠠᠨᠠᠭ᠎ᠠ ᠪᠣᠯᠣᠨ ᠵᠠᠩ ᠰᠤᠷᠲᠠᠯ ᠢᠶᠠᠨ ᠳᠠᠪᠲᠠᠨ  ᠪᠣᠯᠪᠠᠰᠤᠷᠠᠭᠤᠯᠵᠤ᠂

ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ  ᠮᠡᠳᠡᠷᠡᠵᠦ᠂ ᠨᠠᠮ ᠢᠶᠠᠨ ᠲᠠᠭᠠᠵᠦ᠂ ᠬᠤᠪᠢᠰᠬᠠᠯ ᠤᠨ ᠵᠣᠷᠢᠭ ᠰᠠᠨᠠᠭ᠎ᠠ ᠢ ᠤᠯᠠᠮᠵᠢᠯᠠᠬᠤ ᠴᠠᠭ ᠦᠶ᠎ᠡ ᠶᠢᠨ

ᠰᠢᠨ᠎ᠡ ᠬᠥᠮᠥᠨ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

夏令营2.jpg

      ᠳᠠᠷᠠᠭ᠎ᠠ ᠨᠢ᠂ ᠶᠢ ᠸᠧᠢ ᠵᠠᠯᠠᠭᠤᠴᠤᠳ ᠤᠨ ᠬᠥᠳᠡᠭᠡ ᠲᠣᠰᠬᠤᠨ ᠤ ᠵᠤᠰᠠᠯᠠᠩ ᠤᠨ ᠪᠦᠯᠬᠦᠮ ᠤᠨ ᠪᠦᠷᠢᠯᠳᠦᠭᠦᠨ ᠨᠠᠷ ᠥᠪᠡᠷ ᠢ ᠪᠠᠨ ᠲᠠᠨᠢᠯᠴᠠᠭᠤᠯᠤᠭᠰᠠᠨ

ᠪᠥᠭᠡᠳ ᠭᠡᠷ ᠤᠨ ᠠᠬᠠᠮᠠᠳ ᠪᠣᠯᠣᠨ ᠪᠠᠭᠰᠢ ᠨᠠᠷ ᠲᠤ ᠬᠠᠮᠲᠤᠷᠠᠯᠴᠠᠭᠠᠨ ᠤ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠵᠢᠴᠢ ᠲᠥᠯᠥᠪᠯᠡᠭᠰᠡᠨ

ᠬᠢᠴᠢᠶᠡᠯ ᠤᠨ ᠠᠭᠤᠯᠭ᠎ᠠ ᠶᠢ ᠲᠠᠨᠢᠯᠴᠠᠭᠤᠯᠵᠤ᠂ ᠭᠡᠷ ᠤᠨ ᠠᠬᠠᠮᠠᠳ ᠪᠣᠯᠣᠨ ᠪᠠᠭᠰᠢ ᠨᠠᠷ ᠲᠤ ᠵᠤᠰᠠᠯᠠᠩ ᠤᠨ ᠲᠤᠬᠠᠢ ᠤᠯᠠᠮ ᠴᠢᠨᠠᠭᠰᠢᠳᠠ ᠣᠶᠢᠯᠠᠭᠠᠯᠲᠠ ᠲᠠᠢ

ᠪᠣᠯᠭᠠᠪᠠ᠃

夏令营3.jpg

     ᠡᠨᠡ ᠤᠳᠠᠭ᠎ᠠ ᠶᠢᠨ  ᠶᠢ ᠸᠧᠢ ᠵᠠᠯᠠᠭᠤᠴᠤᠳ ᠤᠨ ᠬᠥᠳᠡᠭᠡ ᠲᠣᠰᠬᠤᠨ ᠤ ᠵᠤᠰᠠᠯᠠᠩ ᠳᠤ᠂  ᠮᠢᠩᠭᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠮᠠᠰᠢ

ᠰᠠᠶᠢᠨ ᠰᠤᠷᠤᠯᠴᠠᠯᠭ᠎ᠠ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠴᠡᠢ᠃ ᠰᠤᠷᠤᠭᠴᠢᠳ  ᠶᠢ ᠸᠧᠢ ᠰᠠᠶᠢᠨ ᠳᠤᠷ᠎ᠠ ᠶᠢᠨ ᠠᠵᠢᠯᠯᠠᠭᠴᠢᠳ ᠤᠨ ᠳᠠᠭᠠᠭᠤᠯᠭ᠎ᠠ ᠪᠠᠷ

ᠡᠨᠡ ᠤᠳᠠᠭ᠎ᠠ ᠶᠢᠨ ᠣᠯᠳᠠᠰᠢ ᠦᠭᠡᠢ ᠰᠤᠷᠤᠯᠴᠠᠬᠤ ᠵᠠᠪᠰᠢᠶᠠᠨ ᠢ ᠨᠠᠨᠳᠢᠩᠨᠠᠵᠤ᠂ ᠥᠪᠡᠷ ᠢ ᠪᠠᠨ ᠴᠢᠩᠭ᠎ᠠ  ᠱᠠᠭᠠᠷᠳᠠᠨ᠂ ᠬᠦᠴᠢᠷ ᠪᠡᠷᠬᠡᠰᠢᠶᠡᠯ  ᠢ ᠢᠯᠠᠨ ᠳᠠᠪᠠᠵᠤ᠂

ᠡᠨᠡ ᠤᠳᠠᠭ᠎ᠠ ᠶᠢᠨ ᠵᠠᠪᠰᠢᠶᠠᠨ ᠢ ᠭᠦᠢᠴᠡᠳ ᠠᠰᠢᠭᠯᠠᠨ᠂ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠤᠳᠬ᠎ᠠ ᠠᠭᠤᠯᠭ᠎ᠠ ᠲᠠᠢ ᠵᠤᠨ ᠤ ᠠᠮᠠᠷᠠᠯᠲᠠ ᠪᠠᠨ ᠪᠠᠶᠠᠷ

ᠬᠦᠷ ᠲᠠᠢ ᠪᠠᠷ ᠥᠩᠭᠡᠷᠡᠭᠦᠯᠬᠦ ᠪᠣᠯᠣᠨ᠎ᠠ︕

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ