ᠮᠢᠩᠭᠠᠨ ᠪᠠᠯᠭᠠᠰᠣ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ︽ᠠᠭᠤᠤ ᠶᠡᠭᠡ ᠡᠬᠡ ᠤᠯᠤᠰ ᠢᠶᠠᠨ ᠬᠠᠮᠲᠤᠪᠠᠷ ᠪᠥᠲᠥᠭᠡᠨ ᠪᠠᠶᠢᠭᠤᠯᠵᠤ  ᠰᠠᠶᠢᠨ ᠰᠠᠶᠢᠬᠠᠨ ᠠᠮᠢᠳᠣᠷᠠᠯ ᠢᠶᠠᠨ ᠬᠠᠮᠲᠤᠪᠠᠷ ᠴᠣᠭᠴᠠᠯᠠᠶ᠎ᠠ ︾ ᠭᠡᠬᠦ ᠭᠤᠤᠯ ᠰᠡᠳᠦᠪᠲᠦ  ᠬᠦᠳᠡᠯᠭᠡᠭᠡᠨ ᠦᠷᠨᠢᠬᠦᠯᠪᠡ
ᠨᠡᠶᠢᠲᠡᠯᠡᠭᠰᠡᠨ ᠴᠠᠭ᠄
2022/7/26
      ᠪᠥᠬᠦ ᠪᠠᠯᠭᠠᠰᠤᠨ ᠤ ᠨᠠᠮ ᠤᠨ ᠭᠡᠰᠢᠭᠦᠨ ᠣᠯᠠᠨ ᠲᠦᠮᠡᠨ ᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠢ ᠵᠥᠪ ᠣᠨᠣᠪᠴᠢᠲᠠᠶ ᠤᠶᠢᠯᠠᠭᠠᠨ ᠡᠵᠡᠮᠰᠢᠵᠦ᠂ ᠰᠢᠨ᠎ᠡ ᠪᠠᠶᠢᠳᠠᠯ ᠳᠤᠤᠷᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢ ᠠᠬᠢᠭᠤᠯᠬᠤ ᠶᠢᠨ ᠲᠥᠯᠥᠭᠡ ᠂ ᠣᠶᠢᠷ᠎ᠠ ᠳᠤ᠂ ᠣᠷᠠᠳ ᠤᠨ ᠡᠮᠦᠨᠡᠲᠤ ᠬᠤᠰᠢᠭᠤᠨ ᠤ ᠨᠠᠮ ᠤᠨ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠡᠷᠬᠢᠯᠡᠭᠴᠢ ᠯᠢᠦ ᠰᠢᠤᠸᠠᠢ ᠬᠤᠸᠠ ᠶᠢ  ᠣᠷᠢᠨ ᠮᠢᠩᠭᠠᠨ ᠪᠠᠯᠭᠠᠰᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ︽ᠠᠭᠤᠤ ᠶᠡᠭᠡ ᠡᠬᠡ ᠤᠯᠤᠰ ᠢᠶᠠᠨ ᠬᠠᠮᠲᠤᠪᠠᠷ ᠪᠥᠲᠥᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠣᠷᠠᠯ ᠢ ᠬᠠᠮᠲᠤᠪᠠᠷ  ᠴᠣᠭᠴᠠᠯᠠᠶ᠎ᠠ︾  ᠬᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠠ ᠃ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠬᠡᠰᠡᠭ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ  ᠵᠡᠷᠭᠡ 40 ᠭᠠᠷᠤᠶ ᠬᠥᠮᠦᠨ ᠲᠣᠰ ᠤᠳᠠᠭᠠᠨ ᠤ ᠤᠬᠠᠭᠤᠯᠤᠨ ᠲᠠᠶᠢᠯᠪᠣᠷᠢᠯᠠᠯᠲᠠ ᠳᠤ ᠣᠷᠣᠯᠴᠠᠪᠠ᠃

乡镇新闻1.jpg

     ᠯᠢᠦ ᠰᠢᠤᠸᠠᠢ ᠬᠤᠸᠠ  ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠰᠢᠨᠵᠢᠯᠡᠬᠦ

ᠤᠬᠠᠭᠠᠨᠴᠢ ᠠᠭᠤᠯᠤᠭᠳᠠᠬᠤᠨ ᠢ ᠰᠠᠶᠢᠲᠤᠷ ᠣᠶᠢᠯᠠᠭᠠᠬᠤ ᠵᠡᠷᠭᠡ ᠲᠠᠯ᠎ᠠ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ︾ ᠶᠢᠨ ᠴᠢᠬᠤᠯᠠ ᠴᠢᠨᠠᠷ ᠢ ᠪᠥᠬᠦ ᠲᠠᠯ᠎ᠠ ᠪᠠᠷ ᠨᠠᠷᠢᠨ ᠲᠠᠶᠢᠯᠪᠤᠷᠢᠯᠠᠪᠠ᠃ ᠲᠡᠷᠡ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ ᠲᠠᠢ ᠪᠠᠨ

ᠤᠶᠠᠯᠳᠤᠭᠤᠯᠤᠨ᠂ ᠣᠯᠠᠨ ᠵᠢᠯ ᠤᠨ ᠲᠤᠷᠰᠢᠬᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠬᠢ ᠥᠯᠢᠭᠡᠷ ᠵᠢᠴᠢ

ᠲᠥᠷᠥᠭᠳᠡᠯ ᠢᠶᠠᠨ ᠬᠤᠪᠢᠶᠠᠯᠴᠠᠵᠤ᠂ ᠡᠬᠡᠯ ᠪᠣᠷᠣᠭᠵᠢᠭᠤᠨ ᠦᠭᠡ ᠬᠡᠯᠡ ᠪᠠᠷ ᠣᠯᠠᠨ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠰᠠᠬᠢᠨ

ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠰᠠᠶᠢᠨ ᠰᠠᠶᠢᠬᠠᠨ ᠥᠯᠢᠭᠡᠷ ᠢ ᠶᠠᠷᠢᠵᠤ  ᠦᠭᠭᠦᠨ᠂ ᠣᠯᠠᠨ ᠳᠤ ᠬᠦᠨᠵᠡᠭᠡᠢ ᠰᠠᠭᠤᠭᠳᠠᠯ ᠦᠯᠡᠳᠡᠭᠡᠭᠰᠡᠨ ᠪᠠᠶᠢᠨ᠎ᠠ᠃

    ᠬᠤᠷᠠᠯ ᠳᠤ ᠣᠷᠣᠯᠴᠠᠭᠰᠠᠳ ᠠᠴᠠ᠂ ᠰᠤᠷᠤᠯᠴᠠᠯᠭ᠎ᠠ ᠶᠢᠨ ᠣᠯᠤᠯᠲᠠ ᠪᠠᠨ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂

ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ

ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ︽ᠠᠭᠤᠤ ᠶᠡᠭᠡ ᠡᠬᠡ ᠤᠯᠤᠰ ᠢᠶᠠᠨ ᠬᠠᠮᠲᠤ ᠪᠠᠷ

ᠪᠥᠲᠥᠭᠡᠨ ᠪᠠᠶᠢᠭᠤᠯᠵᠤ ᠰᠠᠶᠢᠨ ᠰᠠᠶᠢᠬᠠᠨ ᠠᠮᠢᠳᠣᠷᠠᠯ ᠢᠶᠠᠨ ᠬᠠᠮᠲᠤᠪᠠᠷ ᠴᠣᠭᠴᠠᠯᠠᠶ᠎ᠠ︾  ᠬᠡᠬᠦ ᠭᠤᠣᠯ ᠰᠡᠳᠣᠪᠲᠣ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ

ᠰᠠᠶᠢᠲᠤᠷ ᠠᠳᠬᠤᠵᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ

ᠲᠡᠷᠭᠡᠯᠰᠢᠭᠦᠯᠬᠦ︾ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠰᠡᠳᠬᠢᠯ ᠵᠢᠷᠦᠬᠡᠨ ᠳᠡᠭᠡᠨ ᠰᠢᠩᠭᠡᠭᠡᠵᠦ᠂  ᠦᠢᠯᠡ ᠠᠵᠢᠯᠯᠠᠭ᠎ᠠ ᠳᠠᠭᠠᠨ  ᠢᠯᠡᠷᠡᠭᠦᠯᠦᠨ᠎ᠡ ᠬᠡᠮᠡᠨ ᠢᠯᠡᠳᠭᠡᠪᠡ ᠃

乡镇新闻2.jpg

     ᠳᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠣ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠ ︽ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠤ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ᠎ᠠ ︾ 

ᠬᠡᠬᠦ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ  ᠴᠢᠩᠭᠠᠳᠬᠠᠵᠤ᠂ ᠥᠷᠭᠡᠨ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ 

ᠬᠦᠢᠴᠡᠳ ᠲᠠᠨᠢᠭᠤᠯᠵᠣ᠂ ᠦᠵᠡᠯ ᠰᠠᠨᠠᠭ᠎ᠠ ᠪᠠᠨ ᠨᠢᠭᠡᠳᠬᠡᠬᠦ ᠶᠢ ᠴᠢᠩᠭ᠎ᠠ ᠠᠳᠬᠤᠨ᠂  ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ

ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ

ᠠᠮᠵᠢᠯᠲᠠ ᠲᠠᠢ ᠬᠤᠷᠠᠯᠳᠤᠬᠤ ᠶᠢ  ᠣᠭᠲᠣᠬᠤ ᠪᠠᠷ ᠪᠣᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ