ᠰᠢ ᠶᠢᠨ ᠫᠢᠩ ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2022/7/26
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 21 ᠤ ᠴᠠᠬᠢᠯᠭᠠᠨ ᠮᠡᠳᠡᠭᠡ 7 ᠰᠠᠷ᠎ᠠ ᠶᠢᠨ 21 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃     ᠰᠢ ᠶᠢᠨ ᠫᠢᠩ᠂ ᠵᠠᠯᠠᠭᠤᠴᠤᠳ ᠬᠦᠰᠡᠯ ᠡᠷᠡᠮᠡᠯᠵᠡᠯ ᠢ ᠲᠥᠯᠥᠭᠡᠯᠡᠵᠦ᠂ ᠵᠠᠯᠠᠭᠤᠴᠤᠳ ᠢᠷᠡᠭᠡᠳᠦᠢ ᠶᠢ ᠴᠣᠭᠴᠠᠯᠠᠨ᠎ᠠ᠃ ᠳᠤᠮᠳᠠᠳᠤ ᠤᠯᠤᠰ ᠢᠮᠠᠭᠲᠠ ᠵᠠᠯᠠᠭᠤᠴᠤᠳ ᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠠᠮᠢᠵᠢᠷᠠᠯ ᠤᠨ ᠬᠦᠴᠦᠨ ᠢᠶᠠᠷ ᠦᠵᠡᠵᠦ᠂ ᠵᠠᠯᠠᠭᠤᠴᠤᠳ ᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠦᠢᠯᠡᠳᠦᠯᠭᠡ ᠳᠤ ᠤᠷᠤᠯᠴᠠᠬᠤ ᠳᠤᠮᠳᠠ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠢᠯᠡᠷᠡᠭᠦᠯᠬᠦ ᠶᠢ ᠵᠣᠷᠢᠭᠵᠢᠭᠤᠯᠤᠨ᠎ᠠ᠃ ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠨᠢ ᠳᠡᠯᠡᠬᠡᠢ ᠶᠢᠨ ᠵᠠᠯᠠᠭᠤᠴᠤᠳ ᠤᠨ ᠪᠦᠬᠦ ᠪᠥᠮᠪᠥᠷᠴᠡᠭ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠪᠦᠬᠦ ᠪᠥᠮᠪᠥᠷᠴᠡᠭ ᠢᠶᠠᠷ ᠢᠶᠠᠨ ᠵᠠᠯᠠᠭᠤᠴᠤᠳ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠴᠢᠬᠤᠯᠠ ᠲᠠᠪᠴᠠᠩ ᠪᠤᠯᠵᠤ᠂ ᠳᠡᠯᠡᠬᠡᠢ ᠶᠢᠨ ᠠᠷᠠᠳ ᠲᠦᠮᠡᠨ ᠤ ᠪᠦᠯᠬᠦᠮᠳᠡᠯ ᠳᠤ ᠵᠠᠯᠠᠭᠤᠴᠤᠳ ᠤᠨ ᠲᠠᠭᠤᠨ ᠢ ᠴᠤᠤᠷᠢᠶᠠᠲᠤᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠲᠠᠪᠰᠢᠯᠳᠠ ᠳᠤ ᠵᠠᠯᠠᠭᠤ ᠨᠠᠰᠤᠨ ᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠡ ᠤᠯᠤᠰ ᠤᠨ ᠵᠠᠯᠠᠭᠤᠴᠤᠳ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠳᠡᠯᠡᠬᠡᠢ ᠶᠢᠨ ᠵᠠᠯᠠᠭᠤᠴᠤᠳ ᠤᠨ ᠪᠦᠯᠬᠦᠮᠳᠡᠨ ᠬᠠᠮᠲᠤᠷᠠᠯᠴᠠᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠲᠤᠰ ᠡᠳᠦᠷ ᠪᠡᠭᠡᠵᠢᠩ ᠳᠤ ᠡᠬᠢᠯᠡᠪᠡ᠂ ︽ᠵᠠᠯᠠᠭᠤᠴᠤᠳ ᠤᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠢᠷᠡᠭᠡᠳᠦᠢ ᠶᠢ ᠴᠣᠭᠴᠠᠯᠠᠶ᠎ᠠ︾ ᠭᠡᠬᠦ ᠭᠤᠣᠯ ᠰᠡᠳᠦᠪ ᠲᠠᠢ᠂ ᠳᠤᠮᠳᠠᠳᠤ ᠶᠢᠨ ᠪᠦᠬᠦ ᠤᠯᠤᠰ ᠤᠨ ᠵᠠᠯᠠᠭᠤᠴᠤᠳ ᠤᠨ ᠬᠤᠯᠪᠤᠭ᠎ᠠ ᠠᠴᠠ ᠭᠤᠣᠯᠯᠠᠨ ᠡᠷᠬᠢᠯᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ