ᠰᠢᠨᠬᠤᠸᠠ ᠬᠤᠷᠢᠶᠠᠨ ᠤ ᠪᠡᠭᠡᠵᠢᠩ ᠤᠨ ᠴᠠᠬᠢᠯᠭᠠᠨ ᠮᠡᠳᠡᠭᠡ 7 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠶᠠᠳᠤᠭᠠᠷ | ᠬᠤᠭᠤᠴᠠᠭᠠᠨ ᠤ ᠳᠤᠮᠳᠠᠳᠤ ᠠᠹᠷᠢᠺᠠ ᠶᠢᠨ ᠡᠩᠬᠡ ᠲᠠᠶᠢᠪᠤᠩ ᠠᠮᠤᠷ ᠲᠦᠪᠰᠢᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠠᠹᠷᠢᠺᠠ ᠪᠣᠯ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠠᠶᠢᠨ | ᠨᠠᠶᠢᠵᠠ᠂ ᠰᠠᠶᠢᠨ ᠬᠠᠨᠢᠲᠠᠨ᠂ ᠰᠠᠶᠢᠨ ᠠᠬ᠎ᠠ ᠳᠡᠭᠦᠦ ᠮᠥᠨ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠬᠤᠷᠳᠤᠴᠠ ᠲᠦᠷᠭᠡᠳᠴᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠬᠦ ᠦᠷᠪᠢᠰᠦᠨ ᠳᠡᠯᠭᠡᠷᠡᠵᠦ᠂ ᠡᠯ᠎ᠡ ᠲᠥᠷᠥᠯ ᠤᠨ | ᠠᠮᠤᠷ ᠲᠦᠪᠰᠢᠨ ᠤ ᠥᠷᠢᠰᠦᠯᠳᠦᠭᠡᠨ ᠲᠠᠰᠤᠷᠠᠯᠲᠠ ᠦᠭᠡᠢ ᠡᠭᠦᠰᠴᠦ᠂ ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ | ᠲᠤᠯᠭᠠᠷᠠᠵᠤ ᠪᠠᠶᠢᠨ᠎ᠠ᠃ ᠥᠨᠢ ᠤᠳᠠᠭᠠᠨ ᠤ ᠡᠩᠬᠡ ᠲᠠᠶᠢᠪᠤᠩ ᠪᠠ ᠨᠡᠶᠢᠳᠡᠮ ᠤᠨ ᠠᠮᠤᠷ ᠲᠦᠪᠰᠢᠨ ᠢ ᠪᠡᠶᠡᠯᠡᠭᠦᠯᠬᠦ ᠪᠣᠯ ᠳᠤᠮᠳᠠᠳᠤ ᠠᠹᠷᠢᠺᠠ ᠶᠢᠨ ᠠᠷᠠᠳ | ᠲᠦᠮᠡᠨ ᠤ ᠬᠠᠮᠲᠤ ᠶᠢᠨ ᠬᠦᠰᠡᠯ ᠮᠥᠨ᠃ ᠳᠤᠮᠳᠠᠳᠤ ᠤᠯᠤᠰ ᠢᠮᠠᠭᠲᠠ ᠵᠥᠪ ᠵᠢᠷᠤᠮ ᠠᠰᠢᠭ ᠤᠨ ᠦᠵᠡᠯᠲᠡ ᠪᠣᠯᠣᠨ ᠦᠨᠡᠨ ᠪᠣᠳᠠᠲᠠᠢ ᠳᠣᠲᠣᠨᠣ ᠦᠨᠡᠨᠴᠢ | ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠹᠷᠢᠺᠠ ᠲᠢᠪ ᠯᠦᠭᠡ ᠶᠢᠨ ᠬᠠᠷᠢᠯᠴᠠᠭ᠎ᠠ ᠪᠠᠨ ᠬᠥᠭᠵᠢᠭᠦᠯᠵᠦ᠂ ᠳᠤᠷᠠᠲᠠᠶ᠎ᠠ ᠠᠹᠷᠢᠺᠠ ᠲᠢᠪ ᠤᠨ ᠨᠠᠶᠢᠵᠠ ᠨᠠᠷ ᠲᠠᠢ | ᠬᠠᠮᠲᠤ ᠪᠠᠷ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠣᠯᠠᠨ ᠤᠯᠤᠰ ᠤᠨ ᠰᠢᠰᠲ᠋ᠧᠮ ᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠵᠤ᠂ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ | ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠬᠤᠶᠠᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠡᠩᠬᠡ ᠲᠠᠶᠢᠪᠤᠩ ᠠᠮᠤᠷ ᠲᠦᠪᠰᠢᠨ ᠤ ᠶᠠᠷᠢᠶᠠᠨ ᠤ ᠲᠠᠪᠴᠠᠩ ᠢ ᠲᠣᠰ ᠡᠳᠦᠷ ᠸᠢᠳᠢᠣ᠋ ᠬᠡᠯᠪᠡᠷᠢ ᠪᠠᠷ | ᠬᠤᠷᠠᠯᠳᠤᠭᠤᠯᠵᠤ᠂ ︽ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠠᠮᠤᠷ ᠲᠦᠪᠰᠢᠨ ᠢ ᠪᠡᠶᠡᠯᠡᠭᠦᠯᠦᠶ᠎ᠡ︾ ᠪᠠᠷ ᠭᠤᠣᠯ ᠰᠡᠳᠦᠪ ᠢᠶᠠᠨ ᠪᠣᠯᠭᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠠᠴᠠ ᠭᠤᠣᠯᠯᠠᠨ ᠡᠷᠬᠢᠯᠡᠪᠡ᠃ | |