ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/27
     7 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠤᠯᠭᠠᠭᠤᠷᠢ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ ᠢᠷᠡᠵᠦ᠂ ᠤᠯᠤᠰ ᠲᠥᠷᠥ ᠶᠢᠨ ᠴᠢᠨᠠᠷ ᠢᠶᠠᠷ ᠴᠢᠩᠭ᠎ᠠ᠂ ᠠᠭᠤᠯᠤᠭᠳᠠᠬᠤᠨ ᠡᠯᠪᠡᠭ ᠪᠠᠶᠠᠯᠢᠭ᠂ ᠤᠳᠬ᠎ᠠ ᠰᠠᠨᠠᠭ᠎ᠠ ᠭᠦᠨ ᠵᠤᠵᠠᠭᠠᠨ᠂ ᠭᠥᠯᠢᠶᠡᠨ ᠠᠪᠬᠤ ᠬᠡᠮᠵᠢᠶ᠎ᠡ ᠪᠠᠷ ᠥᠨᠳᠥᠷ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠣᠶ ᠪᠣᠯᠭᠠᠪᠠ︔ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠡᠯ᠎ᠡ ᠦᠨᠳᠦᠰᠦᠲᠡᠨ ᠤ ᠰᠣᠶᠣᠯ ᠤᠨ ᠰᠢᠮ᠎ᠡ ᠲᠡᠵᠢᠭᠡᠯ ᠢ ᠰᠢᠩᠭᠡᠭᠡᠨ ᠠᠪᠤᠭᠰᠠᠨ᠂ ᠣᠲᠣ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ ᠨᠣᠮ ᠪᠢᠴᠢᠭ᠂ ᠲᠠᠶᠢᠰᠠᠨ ᠤ ᠤᠷᠠᠯᠢᠭ ᠤᠨ ᠪᠦᠲᠦᠭᠡᠯ᠂ ᠺᠢᠨᠣ᠋ ᠲᠧᠯᠸᠢᠰ ᠤᠨ ᠪᠦᠲᠦᠭᠡᠯ᠂ ᠤᠷᠠᠨ ᠵᠢᠷᠤᠭ ᠤᠨ ᠪᠦᠲᠦᠭᠡᠯ ︵︽ᠬᠤᠶᠠᠷ ᠢ ᠡᠭᠦᠳᠬᠦ︾ ᠭᠡᠵᠦ ᠲᠣᠪᠴᠢᠯᠠᠨ᠎ᠠ︶ ᠪᠠ ᠶᠡᠭᠡ ᠳᠤᠮᠳᠠ ᠠᠭᠤᠷᠬᠠᠶ ᠶᠢᠨ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠥᠭᠡᠷᠡᠴᠢᠯᠡᠨ ᠪᠠᠶᠢᠭᠤᠯᠬᠤ ᠠᠵᠢᠯ ᠢ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠮᠢᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

调研1.jpg

     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠠ ᠵᠥᠩ ᠠᠭᠤᠷᠬᠠᠶ ᠶᠢᠨ  ᠦᠢᠯᠡᠰ ᠤᠨ ᠠᠵᠤ ᠦᠢᠯᠡᠳᠪᠦᠷᠢ ᠶᠢᠨ

ᠵᠢᠭᠤᠯᠴᠢᠯᠠᠯ ᠤᠨ ᠲᠥᠯᠥᠪᠵᠢᠭᠦᠯᠭᠡ ᠶᠢᠨ ᠦᠵᠡᠮᠵᠢ ᠶᠢᠨ ᠣᠷᠣᠨ᠂ ᠤᠯᠠᠭᠠᠨᠰᠤᠬᠠᠢ ᠦᠵᠡᠮᠵᠢ ᠶᠢᠨ ᠣᠷᠣᠨ᠂ ᠡᠮᠦᠨᠡᠲᠦ ᠬᠤᠰᠢᠭᠤᠨ ᠤ ᠬᠤᠪᠢᠰᠬᠠᠯ ᠤᠨ

ᠲᠡᠦᠬᠡ ᠶᠢᠨ ᠮᠦᠽᠧᠶ᠂ ᠬᠠᠲᠤᠨ ᠭᠤᠤᠯ ᠤᠨ ᠵᠤᠭᠠᠴᠠᠯ ᠤᠨ ᠬᠦᠷᠢᠶᠡᠯᠡᠩ᠂ ᠮᠦᠽᠧᠶ ᠶᠢᠨ ᠰᠦᠷᠦᠭᠵᠢᠯ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ

ᠵᠦᠢᠯ ᠪᠣᠯᠤᠨ ᠤᠯᠠᠭᠠᠨᠮᠥ᠋ᠴᠢᠷ ᠤᠨ ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ ᠵᠡᠷᠭᠡ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠨ

᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠵᠢᠴᠢ ᠰᠤᠳᠤᠯᠤᠨ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ ᠤᠷᠠᠳ ᠤᠨ ᠡᠮᠦᠨᠡᠲᠦ ᠬᠤᠰᠢᠭᠤᠨ ᠤ

ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠪᠠᠶᠢᠳᠠᠯ ᠢ ᠣᠶᠢᠯᠠᠭᠠᠪᠠ᠃

     ᠶᠠᠷᠢᠯᠴᠠᠬᠤ ᠬᠤᠷᠠᠯ ᠳᠤ᠂ ᠲᠤᠯᠭᠠᠭᠤᠷᠢ  ᠠᠴᠠ ︽ᠬᠤᠶᠠᠷ ᠢ  ᠡᠭᠦᠳᠭᠦ︾ ᠶᠢᠨ ᠠᠭᠤᠯᠤᠭᠳᠠᠬᠤᠨ ᠪᠠ ᠴᠢᠬᠤᠯᠠ ᠠᠴᠢ ᠬᠤᠯᠪᠣᠭᠳᠠᠯ ᠤᠨ ᠲᠤᠬᠠᠶ

ᠲᠣᠳᠣᠷᠬᠠᠶᠢᠯᠠᠨ ᠥᠭᠦᠯᠡᠭᠰᠡᠨ ᠪᠥᠭᠡᠳ ︽ᠬᠤᠶᠠᠷ ᠢ ᠡᠬᠦᠦᠳᠬᠦ︾ ᠪᠠ ᠤᠯᠠᠭᠠᠨᠮᠥ᠋ᠴᠢᠷ ᠤᠨ ᠠᠵᠢᠯ ᠢ ᠬᠡᠷᠬᠢᠨ ᠥᠷᠨᠢᠭᠦᠯᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ

ᠪᠠ ᠰᠠᠨᠠᠭᠤᠯᠭ᠎ᠠ ᠳᠤᠷᠠᠳᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠤ ᠮᠢᠨ ᠶᠠᠷᠢᠯᠴᠠᠬᠤ ᠬᠤᠷᠠᠯ ᠳᠡᠭᠡᠷ᠎ᠡ ︽ᠬᠤᠶᠠᠷ ᠢ ᠡᠭᠦᠳᠬᠦ︾

ᠬᠠᠮᠢᠶ᠎ᠠ ᠪᠥᠬᠦᠶ ᠠᠵᠢᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠬᠤᠶᠢᠰᠢᠳᠠ ᠶᠢᠨ ᠠᠵᠢᠯ ᠤᠨ ᠳᠤᠮᠳᠠ᠂ ᠬᠤᠰᠢᠭᠤᠨ ᠤ ᠨᠠᠮ ᠤᠨ

ᠬᠤᠷᠢᠶᠠᠨ ᠤ ᠤᠬᠠᠭᠤᠯᠬᠤ ᠬᠡᠯᠲᠡᠰ ᠦᠷᠭᠦᠯᠵᠢᠯᠡᠨ ︽ᠬᠤᠶᠠᠷ ᠢ ᠡᠭᠦᠳᠬᠦ︾ ᠶᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ

ᠭᠤᠭᠴᠤᠭ᠎ᠠ ᠪᠠ ᠪᠥᠬᠦ ᠶᠠᠪᠤᠴᠠ ᠳᠤ ᠲᠣᠭᠤᠰᠢᠯᠠᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠣᠷᠣᠨ ᠨᠤᠲᠤᠭ ᠤᠨ ᠣᠨᠴᠠᠯᠢᠭ ᠲᠠᠢ ᠰᠣᠶᠣᠯ ᠤᠨ ᠲᠥᠷᠥᠯ

ᠲᠡᠮᠳᠡᠭ ᠢ ᠨᠠᠩ ᠣᠯᠠᠨ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠶ ᠬᠠᠮᠲᠤ ᠶᠢᠨ ᠲᠠᠨᠢᠯᠲᠠ ᠪᠠᠨ

ᠳᠡᠭᠡᠭᠰᠢᠯᠡᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠷᠡᠩᠭᠦᠶ ᠬᠦᠴᠦᠨ ᠢ

ᠲᠠᠰᠤᠷᠠᠯᠲᠠ ᠥᠬᠡᠶ ᠴᠢᠩᠭᠠᠷᠠᠭᠤᠯᠤᠨ᠎ᠠ ᠭᠡᠵᠦ ᠢᠯᠡᠳᠬᠡᠪᠡ᠃

调研2.jpg

     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠦ ᠭᠠᠷᠭᠠᠭᠰᠠᠨ ᠨᠢ᠂ ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ︽ᠲᠦᠷᠤᠯ ᠲᠡᠮᠳᠡᠭᠵᠢᠭᠦᠯᠬᠦ︾

ᠪᠦᠳᠤᠬᠡᠨ ᠪᠠᠶᠢᠭᠤᠯᠤᠯᠲᠠ ᠶᠢ ᠠᠬᠢᠭᠤᠯᠵᠤ᠂ ᠤᠨᠤᠯ ᠤᠨ ᠰᠤᠳᠤᠯᠭᠠᠨ ᠢ ︽ᠬᠤᠶᠠᠷ ᠢ  ᠡᠭᠦᠳᠬᠦ︾ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂

ᠳᠤᠮᠳᠠᠳᠤ ᠶᠢᠨ ᠰᠣᠶᠣᠯ ᠢᠶᠠᠷ ᠰᠠᠭᠤᠷᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠦᠳᠤᠯᠤᠨ ᠳᠠᠭᠠᠭᠤᠯᠬᠤ ᠶᠢ ᠪᠠᠷᠢᠮᠲᠠᠯᠠᠵᠤ᠂

ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠪᠣᠯᠤᠨ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ

ᠰᠤᠳᠤᠯᠭᠠᠨ ᠤ ᠠᠵᠢᠯ ᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠷ᠎ᠡ ᠪᠦᠲᠦᠭᠡᠯ ᠢ ᠪᠠᠳᠠᠷᠠᠭᠤᠯᠵᠤ ᠳᠡᠯᠭᠡᠨ

ᠦᠵᠡᠭᠦᠯᠬᠦ ᠲᠣᠭᠯᠠᠯᠲᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠭᠰᠠᠨ ᠤᠷᠠᠳ ᠤᠨ ᠡᠮᠦᠨᠡᠲᠦ

ᠬᠤᠰᠢᠭᠤᠨ ᠤ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠤᠯᠠᠮᠵᠢᠯᠠᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠰᠣᠶᠣᠯ ᠤᠨ ᠲᠡᠮᠳᠡᠭ ᠪᠠ

ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠵᠢᠴᠢ ᠮᠠᠨ ᠤ ᠬᠤᠰᠢᠭᠤᠨ ᠤ ᠡᠭᠦᠳᠦᠨ ᠪᠦᠲᠦᠭᠡᠭᠰᠡᠨ ᠰᠢᠯᠢᠳᠡᠭ ᠠᠩᠬᠠᠨ ᠤ ᠲᠥᠷᠥᠯ  ᠵᠦᠢᠯ ᠪᠠ ᠪᠦᠲᠦᠭᠡᠯ ᠢ

ᠤᠬᠠᠭᠤᠯᠤᠨ ᠲᠠᠨᠢᠯᠴᠠᠭᠤᠯᠵᠤ᠂ ︽ᠲᠥᠷᠥᠯ ᠲᠡᠮᠳᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠤᠤᠯ

ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠴᠢᠩᠭᠠᠳᠬᠠᠬᠤ ᠬᠡᠷᠡᠭᠲᠡᠶ  ᠬᠡᠪᠡ᠃

调研3.jpg

     ᠲᠣᠰ ᠡᠳᠦᠷ ᠤᠨ ᠦᠳᠡ ᠶᠢᠨ ᠬᠤᠶᠢᠨ᠎ᠠ᠂ ᠪᠠᠶᠢᠴᠠᠭᠠᠨ ᠰᠣᠳᠣᠯᠬᠤ ᠲᠣᠭᠤᠶᠢᠯᠠᠩ ᠢ ᠬᠤᠶᠠᠷ ᠳᠤᠭᠤᠶᠢᠯᠠᠩ ᠬᠤᠪᠢᠶᠠᠵᠤ ᠶᠠᠪᠤᠭᠳᠠᠭᠤᠯᠣᠨ᠂ ᠬᠤᠲᠠ ᠶᠢᠨ

ᠰᠣᠶᠣᠯ ᠵᠢᠭᠤᠯᠴᠢᠯᠠᠯ ᠪᠠ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣ᠋ ᠬᠤᠩ ᠶᠧ ᠳᠡᠳ᠋ ᠳᠠᠷᠤᠭ᠎ᠠ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠢᠨᠵᠢᠯᠡᠬᠦ

ᠤᠬᠠᠭᠠᠨ ᠤ ᠬᠠᠷᠢᠭᠤᠴᠠᠯᠭᠠᠲᠠᠨ ᠪᠠᠨ ᠬᠤᠶ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠢᠨᠵᠢᠯᠡᠬᠦ ᠤᠬᠠᠭᠠᠨ ᠤ ᠠᠵᠢᠯᠲᠠᠨ ᠰᠥᠩ ᠶᠠ ᠵᠢᠶᠧ ᠵᠡᠷᠭᠡ ᠬᠥᠮᠦᠰ

ᠤᠯᠠᠭᠠᠨᠰᠤᠬᠠᠢ ᠶᠢᠨ ᠦᠵᠡᠮᠵᠢ ᠶᠢᠨ ᠣᠷᠣᠨ ᠪᠠ ᠲᠠᠷᠢᠶᠠᠯᠠᠩ ᠲᠠᠯᠠᠪᠤᠷ ᠲᠤ ᠬᠦᠷᠴᠦ ᠪᠠᠶᠢᠴᠠᠭᠠᠨ ᠦᠵᠡᠵᠦ᠂ A ᠲᠠᠰ ᠤᠨ ᠦᠵᠡᠮᠵᠢ ᠶᠢᠨ ᠣᠷᠣᠨ ᠪᠠ

ᠵᠢᠭᠤᠯᠴᠢᠯᠠᠯ ᠤᠨ ᠣᠳᠣᠨ ᠲᠠᠰ ᠤᠨ ᠭᠥᠯᠢᠶᠡᠨ ᠠᠪᠤᠭᠴᠢ ᠡᠷᠦᠬᠡ ᠳᠤ ᠳᠠᠬᠢᠨ ᠬᠢᠨᠠᠯᠲᠠ ᠬᠢᠪᠠ᠃ ᠡᠭᠦᠨ ᠤ ᠬᠠᠮᠲᠤ ᠲᠤᠬᠠᠶ ᠶᠢᠨ ᠲᠠᠯᠠᠪᠠᠶ ᠳᠤ A ᠲᠠᠰ ᠤᠨ

ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠵᠤ ᠭᠠᠷᠬᠤ ᠭᠠᠵᠠᠷ ᠤᠨ ᠬᠠᠮᠢᠶᠠᠷᠤᠯᠲᠠ᠂ ᠬᠥᠲᠥᠯᠥᠨ ᠵᠢᠯᠣᠭᠤᠳᠬᠤ ᠰᠢᠰᠲ᠋ᠧᠮᠵᠢ᠂ ᠵᠢᠭᠤᠯᠴᠢᠯᠠᠭᠴᠢᠳ ᠤᠨ

ᠴᠤᠪᠤᠷᠠᠯ ᠢ ᠬᠠᠮᠢᠶᠠᠷᠤᠨ ᠡᠵᠡᠮᠳᠡᠬᠦ ᠲᠥᠰᠦᠯ ᠢ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠠᠮᠤᠷ ᠲᠦᠪᠰᠢᠨ ᠤ ᠰᠠᠨᠠᠭᠤᠯᠤᠮᠵᠢ᠂ ᠭᠠᠯ ᠤᠨᠲᠠᠷᠠᠭᠠᠬᠤ

ᠪᠡᠯᠡᠳᠬᠡᠮᠵᠢ ᠶᠢ ᠠᠷᠠᠴᠢᠯᠠᠨ ᠬᠠᠮᠠᠭᠠᠯᠠᠬᠤ ᠪᠠ ᠲᠠᠷᠬᠠᠭᠠᠬᠤ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠵᠡᠷᠭᠡ ᠲᠠᠯ᠎ᠠ ᠪᠠᠷ ᠬᠢ ᠬᠡᠮ ᠰᠣᠭᠤᠭ ᠢ ᠵᠢᠭᠠᠨ

ᠵᠢᠯᠣᠭᠤᠳᠣᠪᠠ᠃

调研4.jpg

     ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠬᠠᠭᠤᠯᠭ᠎ᠠ ᠬᠥᠮᠦᠵᠢᠯ ᠤᠨ ᠰᠠᠯᠠᠭᠠᠨ ᠤ ᠳᠠᠷᠤᠭ᠎ᠠ ᠵᠤᠤ ᠶᠦᠩ ᠯᠢᠶᠠᠩ᠂ ᠰᠣᠶᠣᠯ ᠤᠨ

ᠪᠠᠶᠢᠭᠤᠯᠤᠯ ᠤᠨ ᠥᠭᠡᠷᠡᠴᠢᠯᠡᠯᠲᠡ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ ᠬᠠᠮᠢᠶᠠᠷᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ ᠰᠦᠩ ᠢ ᠱᠢ᠂

ᠤᠳᠬ᠎ᠠ ᠤᠷᠠᠯᠢᠭ ᠪᠠ ᠺᠢᠨᠣ᠋ ᠶᠢᠨ ᠰᠠᠯᠠᠭᠠᠨ ᠤ ᠳᠡᠳ᠋ ᠳᠠᠷᠤᠭ᠎ᠠ ᠯᠢᠦ ᠵᠢᠶᠤᠤ ᠵᠢᠶᠤᠤ᠂ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠯᠢ

ᠰᠢᠩ ᠶᠤᠸᠠᠨ᠂ ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠯᠢ

ᠸᠧᠢ ᠵᠢᠶᠧ ᠪᠠᠷ᠎ᠠ ᠪᠤᠯᠵᠤ ᠪᠠᠶᠢᠴᠠᠭᠠᠨ ᠰᠤᠳᠤᠯᠤᠯᠲᠠ  ᠳᠤ ᠣᠷᠣᠯᠴᠠᠪᠠ᠃

调研5.jpg

 

调研6.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ