ᠣᠷᠠᠳ ᠤᠨ ᠡᠮᠦᠨᠡᠲᠦ ᠬᠤᠰᠢᠭᠤ ︽ᠤᠶᠤᠨᠲᠤ ᠭᠠᠶᠢᠯᠢ ᠶᠢᠨ ᠶᠠᠪᠤᠳᠠᠯ︾ ᠢ ᠬᠡᠷᠡᠭᠵᠢᠭᠦᠯᠵᠦ ᠣᠯᠠᠨ ᠲᠦᠮᠡᠨ ᠳᠤ ᠲᠥᠬᠦᠮ ᠦᠵᠡᠭᠦᠯᠪᠡ
ᠨᠡᠶᠢᠲᠡᠯᠡᠭᠰᠡᠨ ᠴᠠᠭ᠄
2022/7/28
      ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ  ᠦᠢᠯᠡᠴᠢᠯᠡᠬᠦ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︽ᠣᠶᠤᠨᠴᠢ︾  ᠦᠢᠯᠡᠴᠢᠯᠡᠬᠡᠨ ᠤ ᠲᠠᠪᠴᠠᠩ ᠢ ᠪᠣᠶ ᠪᠣᠯᠭᠠᠬᠤ ᠪᠠᠷ ᠳᠠᠮᠵᠢᠭᠤᠯᠤᠨ᠂ ᠭᠠᠶᠢᠯᠢ ᠲᠤᠰᠢᠶᠠᠭᠴᠢ ᠪᠠ ᠰᠦᠢᠳᠭᠡᠯ ᠲᠤᠰᠢᠶᠠᠭᠴᠢ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃      ᠥᠪᠥᠷ ᠮᠣᠩᠭᠤᠯ ᠤᠨ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠪᠣᠯ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠰᠤᠳᠤᠯᠤᠨ ᠨᠡᠭᠡᠭᠡᠵᠦ ᠪᠣᠷᠣᠯᠠᠭᠤᠯᠬᠤ ᠪᠠᠷ ᠭᠤᠤᠯ ᠪᠣᠯᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠯᠪᠡᠷᠢ ᠶᠢᠨ ᠠᠵᠤ ᠠᠬᠤᠶᠢᠯᠠᠯ ᠮᠥᠨ᠂ ᠪᠥᠬᠦ ᠬᠤᠲᠠ ᠶᠢᠨ ᠭᠤᠤᠯᠳᠠᠯᠭ᠎ᠠ ᠲᠠᠢ ᠲᠡᠳᠬᠦᠨ ᠳᠡᠮᠵᠢᠵᠦ ᠪᠠᠶᠢᠭ᠎ᠠ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠬᠥᠭᠵᠢᠭᠦᠯᠬᠦ ᠠᠵᠤ ᠠᠬᠤᠶᠢᠯᠠᠯ ᠮᠥᠨ᠃ ᠡᠨᠡ ᠵᠢᠯ ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠦᠯᠡᠳᠡᠭᠡᠨ ᠲᠤᠯᠭᠠᠨ ᠰᠠᠭᠤᠯᠭᠠᠵᠤ ᠭᠠᠶᠢᠯᠢ ᠪᠤᠴᠠᠭᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠠᠵᠤ ᠠᠬᠤᠶᠢᠯᠠᠯ ᠤᠨ  ᠬᠢᠨ ᠲᠡᠷᠡ ᠳᠠᠷᠤᠶ ᠳᠤᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠰᠠᠨᠠᠭᠤᠯᠤᠮᠵᠢ ᠶᠢᠨ ᠦᠢᠯᠡᠴᠢᠯᠡᠭᠡ ᠶᠢ ᠣᠯᠤᠭᠰᠠᠨ ᠪᠥᠭᠡᠳ ᠦᠷᠲᠡᠭ ᠨᠡᠮᠡᠭᠳᠡᠯ ᠤᠨ ᠭᠠᠶᠢᠯᠢ  ᠶᠢ ᠦᠯᠡᠳᠡᠭᠡᠨ ᠲᠣᠯᠭᠠᠨ ᠰᠠᠭᠤᠯᠭᠠᠵᠤ ᠭᠠᠶᠢᠯᠢ ᠪᠤᠴᠠᠭᠠᠬᠤ ᠭᠠᠷ ᠬᠦᠢᠴᠡᠳᠭᠡᠯ  ᠢᠶᠠᠨ ᠮᠠᠰᠢ ᠲᠦᠷᠭᠡᠨ ᠢᠶᠠᠷ ᠪᠡᠶᠡᠯᠡᠬᠦᠯᠵᠤ ᠴᠢᠳᠠᠭᠰᠠᠨ ᠪᠠᠶᠢᠨ᠎ᠠ ᠃      ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ᠂ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠮᠣ ᠳ᠋ᠠᠶᠢᠲ᠋ᠠ ᠶᠢᠨ ᠲᠠᠪᠴᠠᠩ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠢᠭᠡᠳᠦᠯᠲᠡᠶ ᠠᠵᠢᠯ ᠤᠨ ᠲᠠᠪᠴᠠᠩ ᠵᠡᠷᠭᠡ ᠣᠶᠤᠨᠴᠢ ᠭᠠᠶᠢᠯᠢ ᠬᠦᠢᠴᠡᠳᠭᠡᠭᠦ ᠲᠠᠪᠴᠠᠩ ᠳᠤ ᠲᠦᠰᠢᠭᠯᠡᠨ᠂ ᠭᠠᠶᠢᠯᠢ ᠲᠤᠰᠢᠶᠠᠬᠤ  ᠰᠦᠢᠳᠭᠡᠯ ᠤᠨ ᠲᠣᠭᠠᠴᠢᠯᠠᠯᠲᠠ ᠶᠢ ᠲᠠᠰ ᠳᠡᠪᠰᠢᠭᠦᠯᠬᠦ ᠪᠠ ᠣᠶᠤᠨᠴᠢᠯᠠᠬᠤ ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠵᠦ᠂ ᠲᠤᠭ᠎ᠠ ᠪᠠᠷᠢᠮᠲᠠ ᠶᠢ ᠵᠠᠳᠠᠯᠬᠤ᠂ ᠤᠷᠢᠳᠴᠢᠯᠠᠨ ᠬᠢᠨᠠᠨ ᠬᠠᠷᠭᠤᠭᠤᠯᠬᠤ ᠵᠡᠷᠭᠡ ᠨᠢᠭᠡ ᠴᠣᠭᠴᠠᠵᠢᠭᠤᠯᠤᠭᠰᠠᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠠᠵᠢᠯ ᠤᠨ ᠴᠤᠪᠤᠷᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠲᠣᠮᠣ ᠳ᠋ᠠᠶᠢᠲ᠋ᠠ ᠶᠢᠨ ᠭᠠᠶᠢᠯᠢ ᠲᠠᠲᠠᠪᠤᠷᠢ ᠶᠢᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠶᠢᠯᠢ  ᠬᠦᠢᠴᠡᠳᠭᠡᠭᠦ ᠦᠢᠯᠡᠴᠢᠡᠯᠬᠡ ᠳᠤ ᠰᠦᠯᠵᠢᠶᠡᠵᠢᠭᠰᠡᠨ᠂ ᠣᠶᠤᠨᠴᠢᠯᠠᠭᠰᠠᠨ  ᠦᠢᠯᠡᠴᠢᠯᠡᠭᠡ ᠬᠠᠩᠭᠠᠪᠠ᠃  ᠡᠬᠦᠨ  ᠠᠴᠠ ᠭᠠᠳᠠᠨ᠎ᠠ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠬᠦ ᠶᠢ ᠪᠠᠲᠤᠯᠠᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠡᠯ᠎ᠡ  ᠵᠦᠢᠯ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠭᠠᠶᠢᠯᠢ ᠲᠠᠲᠠᠪᠤᠷᠢ ᠶᠢᠨ ᠴᠡᠪᠡᠷ ᠠᠰᠢᠭ ᠢ ᠭᠠᠶᠢᠯᠢ ᠲᠤᠰᠢᠶᠠᠭᠴᠢ ᠶᠢᠨ ᠬᠠᠷᠮᠠᠨ ᠳᠤ ᠨᠠᠷᠢᠯᠢᠭ ᠣᠨᠣᠴᠠᠲᠠᠶ ᠪᠠᠷ ᠬᠦᠷᠬᠡᠬᠦ ᠪᠠᠷ ᠦᠢᠯᠡᠴᠢᠯᠡᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ