1.7 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠬᠤ ᠤᠯᠠᠭᠠᠨᠰᠤᠬᠠᠢ ᠶᠢᠨ ᠤᠰᠤᠨ ᠤ ᠤᠷᠭᠤᠮᠠᠯ ᠤᠨ ᠡᠬᠢ ᠪᠠᠶᠠᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠢᠭᠯᠠᠯᠲᠠ ᠶᠢᠨ ᠲᠥᠷᠥᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2022/7/28
      ᠥᠪᠥᠷ ᠮᠣᠩᠭᠤᠯ ᠤᠨ ᠵᠢᠶ ᠵᠢᠶᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠤᠨ  ᠦᠢᠯᠡᠳᠪᠦᠷᠢᠯᠡᠯ ᠨᠢ 15 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠤᠯᠤᠰᠤᠨ ᠤ ᠵᠣᠷᠭᠤᠳᠠᠰᠤ ᠬᠠᠪᠲᠠᠰᠤ ᠶᠢᠨ ᠦᠢᠯᠡᠳᠪᠦᠷᠢᠯᠡᠯ ᠤᠨ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠶᠠᠭ ᠱᠠᠯᠠᠪᠳᠠᠨ ᠪᠥᠲᠥᠭᠡᠨ ᠪᠠᠶᠢᠭᠤᠯᠵᠤ᠂ ᠵᠢᠱᠢᠯᠲᠡ ᠪᠠᠷ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠨ ᠠᠰᠢᠭᠯᠠᠯᠲᠠ ᠳᠤ  ᠣᠷᠤᠭᠤᠯᠬᠤ ᠪᠣᠯᠤᠨ᠎ᠠ᠃      ᠡᠨᠡ ᠬᠡᠳᠦᠨ ᠡᠳᠦᠷ᠂ ᠥᠪᠥᠷ ᠮᠣᠩᠭᠤᠯ ᠤᠨ ᠵᠢᠢ ᠵᠢᠶᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠶᠠᠭ ᠶᠠᠭᠠᠷᠠᠯᠲᠠᠢ ᠠᠵᠢᠯᠯᠠᠵᠤ ᠪᠠᠶᠢᠯ᠎ᠠ᠃ ᠠᠵᠢᠯᠴᠢᠳ ᠴᠠᠭ ᠨᠡᠮᠡᠨ ᠠᠵᠢᠯᠯᠠᠵᠤ᠂  ᠦᠢᠯᠡᠳᠪᠦᠷᠢ ᠶᠢᠨ ᠭᠡᠷ᠂ ᠦᠢᠯᠡᠳᠪᠦᠷᠢᠯᠡᠯ ᠤᠨ ᠲᠠᠰᠤᠭ᠂ ᠠᠯᠪᠠᠨ ᠠᠰᠠᠷ ᠢ ᠵᠡᠷᠭᠡ ᠪᠠᠷ ᠪᠦᠲᠦᠭᠡᠨ ᠪᠠᠢᠭᠤᠯᠵᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠴᠢᠷᠮᠠᠶᠢᠵᠤ  ᠪᠠᠶᠢᠨ᠎ᠠ᠃ 

水生植物资源1.jpg

      ︽ᠶᠡᠷᠦᠩᠬᠡᠶᠢᠯᠡᠭᠰᠡᠨ ᠠᠯᠪᠠᠯᠠᠬᠤ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢ ᠶᠠᠭ ᠪᠠᠷᠢᠵᠤ ᠪᠠᠶᠢᠬᠤ ᠪᠥᠭᠡᠳ ᠭᠤᠤᠯ ᠴᠣᠭᠴᠠ ᠶᠢᠨ ᠳᠡᠭᠡᠪᠦᠷ ᠢ

ᠨᠢᠭᠡᠨᠲᠡ ᠪᠢᠳᠡᠭᠦᠯᠵᠦ ᠳᠠᠭᠤᠰᠬᠠᠵᠠᠶ᠃ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠲᠤᠰᠢᠶᠠᠨ ᠥᠭᠴᠦ ᠬᠡᠷᠡᠭᠯᠡᠭᠦᠯᠬᠦ ᠪᠣᠯᠤᠨ᠎ᠠ᠃ ᠬᠤᠯᠤᠰᠤᠨ ᠤ ᠵᠣᠷᠭᠤᠳᠠᠰᠤᠨ

ᠬᠠᠪᠲᠠᠰᠤ ᠦᠢᠯᠡᠳᠪᠦᠷᠢᠯᠡᠬᠦ ᠲᠠᠰᠤᠭ ᠣᠳᠣ ᠶᠠᠭ ᠪᠣᠯᠣᠳ ᠪᠦᠲᠦᠴᠡ ᠲᠠᠢ ᠪᠠᠷᠢᠯᠭ᠎ᠠ ᠪᠠᠷᠢᠵᠤ ᠪᠠᠶᠢᠨ᠎ᠠ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ

ᠠᠰᠢᠭᠯᠠᠯᠲᠠ ᠳᠤ ᠣᠷᠣᠭᠤᠯᠵᠤ ᠪᠣᠯᠤᠨ᠎ᠠ᠃ ᠪᠢᠳᠡᠨ ᠤ ᠪᠦᠬᠦ᠋ᠢᠯᠡ ᠲᠥᠰᠦᠯ ᠤᠨ ᠠᠵᠢᠯ ᠳᠠᠭᠤᠰᠬᠤ ᠴᠠᠭ ᠨᠢ ᠪᠠᠷᠤᠭ ᠠᠷᠪᠠᠨ ᠰᠠᠷ᠎ᠠ ᠶᠢᠨ ᠰᠡᠭᠦᠯᠴᠢ ᠪᠠᠷ

ᠠᠰᠢᠭᠯᠠᠯᠲᠠ ᠳᠤ ᠣᠷᠣᠬᠤ ᠬᠡᠪᠴᠢᠶ᠎ᠡ ᠳᠤ ᠬᠦᠷᠦᠨ᠎ᠡ︾ ᠭᠡᠵᠦ ᠥᠪᠥᠷ ᠮᠣᠩᠭᠤᠯ ᠤᠨ ᠵᠢᠶ ᠵᠢᠶᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ

ᠬᠢᠵᠠᠭᠠᠷᠲᠤ ᠺᠣᠮᠫᠠᠨᠢ ᠶᠢᠨ ᠲᠥᠷᠥᠯ  ᠵᠦᠢᠯ ᠤᠨ ᠬᠠᠷᠢᠭᠤᠴᠠᠯᠭᠠᠲᠠᠨ ᠯᠢ ᠳ᠋ᠢ ᠬᠡᠯᠡᠪᠡ᠃

     1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ

ᠰᠢᠢᠳᠪᠦᠷᠢᠯᠡᠬᠦ ᠢᠨᠵᠧᠨᠧᠷᠢᠩ ︵ᠠᠯᠳᠧᠭᠢᠳ᠋ ᠦᠭᠡᠢ  ᠬᠤᠯᠤᠰᠤᠨ ᠭᠤᠣᠯ ᠬᠠᠪᠲᠠᠰᠤ ᠶᠢᠨ ᠲᠥᠷᠥᠯ ᠵᠦᠢᠯ︶ ᠤᠨ ᠵᠢᠯ ᠤᠨ ᠭᠠᠷᠤᠯᠲᠠ ᠨᠢ 15 ᠲᠦᠮᠡᠨ ᠪᠣᠰᠤᠭ᠎ᠠ

ᠳᠥᠷᠪᠡᠯᠵᠢᠨ ᠮᠧᠲᠷ ᠤᠨ ᠬᠤᠯᠤᠰᠤᠨ ᠤ ᠬᠠᠷᠤᠭᠤᠯ ᠬᠠᠪᠲᠠᠰᠤ ᠦᠢᠯᠡᠳᠪᠦᠷᠢᠯᠡᠬᠦ ᠲᠥᠷᠥᠯ ᠵᠦᠢᠯ ᠨᠢ ᠤᠷᠠᠳ ᠤᠨ ᠡᠮᠦᠨᠡᠲᠦ ᠬᠤᠰᠢᠭᠤᠨ ᠤ ᠬᠤᠲᠠ ᠶᠢᠨ

ᠬᠤᠶᠢᠨᠠᠬᠢ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠲᠤ ᠪᠠᠶᠢᠷᠢᠯᠠᠵᠤ᠂ 10 ᠲᠦᠮᠡᠨ ᠲᠡᠭᠰᠢ ᠳᠥᠷᠪᠡᠯᠵᠢᠨ ᠮᠧᠲᠷ ᠭᠠᠵᠠᠷ 

ᠡᠵᠡᠯᠡᠵᠤ᠂ ᠵᠢᠱᠢᠯᠲᠡ ᠪᠠᠷ ᠡᠨᠡ ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠪᠠᠷ ᠵᠢᠩᠬᠢᠨᠢ ᠪᠠᠷ ᠠᠰᠢᠭᠯᠠᠯᠲᠠ ᠳᠤ ᠣᠷᠣᠨ᠎ᠠ᠃ ᠲᠣᠰ ᠲᠥᠷᠥᠯ  ᠵᠦᠢᠯ ᠨᠢ

ᠤᠯᠠᠭᠠᠨᠰᠤᠬᠠᠢ ᠨᠠᠭᠤᠷ ᠤᠨ ᠣᠷᠣᠨ ᠤ ᠡᠯᠪᠡᠭ ᠪᠠᠶᠠᠯᠢᠭ ᠬᠤᠯᠤᠰᠤ ᠪᠠᠷ ᠲᠦᠭᠦᠬᠡᠶ ᠮᠠᠲ᠋ᠧᠷᠢᠶᠠᠯ ᠪᠣᠯᠭᠠᠵᠤ᠂ ᠬᠡᠷ ᠤᠨ ᠬᠡᠷᠡᠭᠰᠡᠯ ᠤᠨ ᠴᠢᠬᠤᠯᠠ ᠰᠠᠭᠤᠷᠢ

ᠮᠠᠲ᠋ᠧᠷᠢᠶᠠᠯ ᠤᠨ ᠣᠷᠴᠢᠨ ᠲᠣᠭᠤᠷᠢᠨ ᠢ ᠬᠠᠮᠠᠭᠠᠯᠠᠬᠤ ᠠᠯᠳᠧᠭᠢᠳ᠋ ᠥᠬᠡᠶ ᠬᠤᠯᠤᠰᠤᠨ ᠤ ᠬᠠᠷᠤᠭᠤᠯᠳᠠᠭ ᠬᠠᠪᠲᠠᠰᠤ ᠶᠢ ᠦᠢᠯᠡᠳᠪᠦᠷᠢᠯᠡᠵᠦ᠂ ᠲᠥᠷᠥᠯ ᠵᠦᠢᠯ ᠢ

ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ 15 ᠲᠦᠮᠡᠨ ᠲᠣᠨ ᠣᠷᠴᠢᠮ ᠤᠨ ᠬᠤᠯᠤᠰᠤ ᠵᠠᠷᠤᠴᠠᠭᠤᠯᠵᠤ᠂ ᠵᠢᠯ ᠤᠨ

ᠪᠣᠷᠣᠯᠠᠭᠤᠯᠭ᠎ᠠ ᠶᠢᠨ ᠲᠤᠭ᠎ᠠ ᠨᠢ 3.3 ᠳ᠋ᠦᠩᠰᠢᠭᠤᠷ ᠲᠥᠭᠦᠷᠢᠭ ᠲᠤ  ᠬᠦᠷᠬᠦ ᠪᠣᠯᠤᠨ᠎ᠠ᠃ 

水生植物资源2.jpg

      ᠤᠯᠠᠭᠠᠨᠰᠤᠬᠠᠢ ᠨᠠᠭᠤᠷ ᠲᠤ ᠬᠤᠯᠤᠰᠤ ᠡᠯᠪᠡᠭ ᠭᠠᠷᠳᠠᠭ᠂ ᠬᠤᠯᠤᠰᠤᠨ ᠬᠠᠪᠲᠠᠰᠤ ᠦᠢᠯᠡᠳᠪᠦᠷᠢᠯᠡᠬᠦ ᠨᠢ ᠤᠯᠠᠭᠠᠨᠰᠤᠬᠠᠢ ᠶᠢᠨ ᠣᠷᠣᠨ ᠪᠦᠰᠡ ᠶᠢᠨ

ᠬᠤᠯᠤᠰᠤ ᠶᠢ ᠬᠤᠤᠷ ᠥᠬᠡᠶ ᠪᠣᠯᠭᠠᠨ ᠰᠢᠢᠳᠪᠦᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ᠂ ᠣᠶ ᠮᠣᠳᠣ ᠶᠢ

ᠠᠷᠪᠢᠯᠠᠵᠤ᠂ ᠣᠶ ᠰᠢᠭᠤᠶ ᠶᠢᠨ ᠦᠢᠯᠡᠰ ᠤᠨ ᠬᠥᠭᠵᠢᠯᠲᠡ ᠶᠢ ᠬᠠᠮᠠᠭᠠᠯᠠᠵᠤ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠢᠬᠤᠯᠠ ᠬᠠᠮᠠᠭᠠᠯᠠᠬᠤ 

ᠦᠢᠯᠡᠳᠦᠯ ᠦᠵᠡᠭᠦᠯᠵᠦ᠂ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠤᠯᠠᠮ ᠨᠢᠭᠡ ᠠᠯᠬᠤᠮ

ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠤᠨ ︽ᠬᠤᠤᠰ ᠡᠯᠪᠡᠭ ᠬᠤᠷᠢᠶᠠᠯᠲᠠ︾ ᠶᠢ

ᠪᠡᠶᠡᠯᠡᠭᠦᠯᠵᠦ  ᠴᠢᠳᠠᠵᠠᠢ᠃

水生植物资源3.jpg

   《 ᠪᠢᠳᠡ ᠵᠢᠯ ᠳᠤ 20 ᠲᠦᠮᠡᠨ ᠪᠣᠰᠤᠭ᠎ᠠ ᠳᠥᠷᠪᠡᠯᠵᠢᠨ ᠬᠤᠯᠤᠰᠤ ᠶᠢᠨ ᠬᠠᠷᠤᠭᠤᠯ ᠬᠠᠪᠲᠠᠰᠤ  ᠦᠢᠯᠡᠳᠪᠦᠷᠢᠯᠡᠨ᠎ᠡ᠂ ᠡᠨᠡ ᠨᠢ ᠵᠢᠯ ᠪᠦᠷᠢ 20 ᠲᠦᠮᠡᠨ

ᠪᠣᠰᠤᠭ᠎ᠠ ᠳᠥᠷᠪᠡᠯᠵᠢᠨ ᠮᠧᠲᠷ ᠤᠨ ᠮᠣᠳᠣᠨ ᠮᠠᠲ᠋ᠧᠷᠢᠶᠠᠯ ᠢ ᠳᠤᠲᠠᠭᠤ ᠣᠭᠲᠣᠯᠤᠭᠰᠠᠨ ᠲᠠᠢ ᠲᠡᠩᠴᠡᠨ᠎ᠡ᠂ ᠡᠨᠡ ᠨᠢ ᠤᠯᠤᠰ ᠲᠤ ᠠᠰᠢᠭᠲᠠᠶ ᠠᠷᠠᠳ ᠲᠤ ᠠᠰᠢᠭᠲᠠᠶ

ᠰᠠᠶᠢᠨ ᠶᠠᠪᠤᠳᠠᠯ ᠪᠣᠯᠤᠨ᠎ᠠ᠃ ᠪᠢᠳᠡᠨ ᠤ ᠲᠥᠰᠦᠯ ᠪᠣᠯ 150 ᠠᠵᠢᠯ ᠤᠨ ᠪᠠᠶᠢᠷᠢ ᠬᠠᠩᠭᠠᠵᠤ  ᠳᠡᠶᠢᠯᠦᠨ᠎ᠡ᠃  ᠦᠢᠯᠡᠳᠪᠦᠷᠢᠯᠡᠯ ᠤᠨ  ᠬᠡᠮᠵᠢᠶ᠎ᠡ ᠬᠡᠪᠴᠢᠶ᠎ᠡ ᠳᠤ

ᠬᠦᠷᠦᠭᠰᠡᠨ ᠤ ᠳᠠᠷᠠᠭ᠎ᠠ᠂ ᠡᠷᠭᠢᠨ ᠲᠣᠭᠤᠷᠢᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ ᠴᠢᠳᠠᠨ᠎ᠠ 》 ᠭᠡᠵᠦ ᠯᠢ ᠳ᠋ᠢ ᠬᠡᠯᠡᠪᠡ᠃

水生植物资源4.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ