ᠰᠢ ᠶᠢᠨ ᠫᠢᠩ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2022/7/29
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 26 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 26 ᠤ ᠦᠳᠡ ᠶᠢᠨ ᠬᠤᠶᠢᠨ᠎ᠠ ᠪᠡᠭᠡᠵᠢᠩ ᠤᠨ ᠳ᠋ᠢᠶᠤᠤ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠣᠲᠣᠨᠣ ᠨᠥᠬᠦᠷᠰᠡᠭ ᠠᠭᠤᠷ ᠠᠮᠢᠰᠬᠤᠯ ᠤᠨ ᠳᠤᠮᠳᠠ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠵᠢᠴᠢ ᠬᠤᠶᠠᠷ ᠲᠠᠯ᠎ᠠ ᠶᠢᠨ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠪᠦᠬᠦ ᠲᠠᠯ᠎ᠠ ᠪᠠᠷ ᠭᠦᠨᠵᠡᠭᠡᠢ ᠰᠣᠯᠢᠯᠴᠠᠵᠤ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃    

6379451495447736337600014.jpg

    

     7 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠤᠤ ᠢᠦᠢ ᠲᠠᠢ ᠳᠠᠬᠢ ᠲᠦᠷᠦ ᠶᠢᠨ

ᠵᠣᠴᠢᠳ ᠤᠨ ᠪᠠᠭᠤᠳᠠᠯ ᠳᠤ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠬᠡᠯᠡᠯᠴᠡᠭᠡ ᠬᠢᠪᠡ

     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠠᠩ ᠰᠢᠩ ᠯᠸᠢ ᠰᠡᠭᠦᠳᠡᠷᠯᠡᠪᠡ

    

     ᠰᠢ ᠶᠢᠨ ᠫᠢᠩ᠂ ᠲᠠ ᠪᠣᠯ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠷᠠᠭ᠎ᠠ ᠳᠤᠮᠳᠠᠳᠤ ᠤᠯᠤᠰ ᠤᠨ ᠬᠦᠯᠢᠶᠡᠨ

ᠠᠪᠤᠭᠰᠠᠨ ᠠᠩᠬᠠᠳᠠᠭᠴᠢ ᠭᠠᠳᠠᠭᠠᠳᠤ ᠤᠯᠤᠰ ᠤᠨ ᠲᠡᠷᠢᠭᠦᠨ ᠪᠣᠯᠤᠨ᠎ᠠ᠂ ᠡᠨᠡ ᠨᠢ ᠬᠤᠶᠠᠷ ᠲᠠᠯ᠎ᠠ ᠪᠠᠷ ᠢᠶᠠᠨ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠶᠢ

ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠤᠢᠢᠷ᠎ᠠ ᠶᠢᠨ ᠵᠢᠯ ᠠᠴᠠ᠂ ᠪᠢᠳᠡᠨ ᠤ ᠬᠠᠮᠲᠤ ᠶᠢᠨ

ᠳᠠᠭᠠᠭᠤᠯᠭ᠎ᠠ ᠳᠣᠣᠷ᠎ᠠ᠂ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠥᠷᠨᠢᠭᠦᠨ ᠬᠥᠭᠵᠢᠵᠦ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠤᠨ ᠠᠮᠢᠵᠢᠷᠠᠯ ᠤᠨ

ᠬᠦᠴᠦᠨ ᠢ ᠢᠯᠡᠷᠡᠭᠦᠯᠪᠡ᠃ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠤᠯᠤᠰ ᠲᠥᠷᠥ᠂ ᠠᠵᠤ ᠠᠬᠤᠶ᠂

ᠰᠣᠶᠣᠯ ᠢᠷᠭᠡᠨᠰᠢᠯ᠂ ᠲᠡᠯᠡᠶ ᠳᠡᠭᠡᠷᠡᠬᠢ ᠬᠠᠮᠲᠤᠷᠠᠯᠴᠠᠭ᠎ᠠ ᠶᠢᠨ ︽ᠳᠥᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ︾ ᠬᠠᠮᠲᠤᠷᠠᠯᠴᠠᠭᠠᠨ ᠤ ᠪᠠᠶᠢᠷᠢᠰᠢᠯ ᠲᠠᠰᠤᠷᠠᠯᠲᠠ

ᠥᠬᠡᠶ ᠭᠦᠨᠵᠡᠭᠡᠶᠢᠷᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠳᠡᠯᠡᠬᠡᠶ ᠶᠢᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠬᠤ

ᠲᠠᠯ᠎ᠠ ᠪᠠᠷ ᠡᠬᠦᠷᠬᠡᠯᠡᠯ ᠢᠶᠠᠨ ᠢᠯᠡᠷᠡᠬᠦᠯᠵᠥ᠂ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠵᠦ ᠪᠠᠶᠢᠭ᠎ᠠ ᠲᠣᠮᠣ ᠤᠯᠤᠰ ᠬᠤᠯᠪᠣᠭᠠᠯᠠᠨ ᠥᠪᠡᠷ ᠢ ᠪᠠᠨ

ᠬᠦᠴᠦᠷᠬᠡᠭᠵᠢᠭᠦᠯᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠡᠪ ᠳᠠᠭᠤᠷᠢᠶᠠᠯ ᠢ ᠪᠣᠶ ᠪᠣᠯᠭᠠᠪᠠ᠃ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠶᠢ

ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠬᠠᠮᠲᠤ ᠶᠢᠨ ᠠᠯᠤᠰ ᠬᠡᠳᠦ ᠶᠢᠨ ᠠᠰᠢᠭ ᠲᠤᠰᠠ ᠳᠤ ᠨᠡᠶᠢᠴᠡᠬᠦ ᠪᠠᠷ ᠪᠠᠷᠠᠬᠤ ᠦᠭᠡᠢ ᠪᠠᠰᠠ ᠭᠠᠵᠠᠷ ᠣᠷᠣᠨ ᠪᠣᠯᠤᠨ

ᠪᠦᠬᠦ ᠪᠥᠮᠪᠥᠷᠴᠡᠭ ᠤᠨ ᠳᠠᠪᠬᠤᠷᠭ᠎ᠠ ᠳᠤ ᠢᠳᠡᠪᠬᠢᠲᠡᠢ ᠠᠯᠤᠰ ᠬᠡᠳᠦ ᠶᠢᠨ ᠨᠥᠯᠥᠭᠡ ᠦᠵᠡᠭᠦᠯᠦᠨ᠎ᠡ ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ ᠣᠳᠣᠬᠠᠨ ᠳᠤ᠂

ᠳᠤᠮᠳᠠᠳᠤ ᠤᠯᠤᠰ ᠤᠨ ᠠᠷᠠᠳ ᠲᠦᠮᠡᠨ ᠶᠠᠭ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ

ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠂ ᠢᠨᠳᠣᠨᠧᠰᠢᠶ᠎ᠠ ᠶᠢᠨ ᠠᠷᠠᠳ ᠲᠦᠮᠡᠨ ᠪᠠᠰᠠ 2045 ᠣᠨ ᠤ ᠤᠯᠤᠰ

ᠪᠠᠶᠢᠭᠤᠯᠤᠭᠳᠠᠭᠰᠠᠨ ᠵᠠᠭᠤᠨ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢᠨ ᠲᠥᠯᠥᠭᠡ ᠢᠳᠡᠪᠬᠢᠲᠡᠢ ᠲᠡᠮᠡᠴᠡᠵᠦ ᠪᠠᠶᠢᠨ᠎ᠠ᠃ ᠪᠢ ᠳᠤᠷᠠᠲᠠᠶ᠎ᠠ ᠲᠠᠨ ᠲᠠᠢ ᠬᠠᠮᠲᠤ ᠪᠠᠷ᠂

ᠦᠷᠭᠦᠯᠵᠢᠯᠡᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠶᠢᠨ

ᠯᠠᠪᠳᠠᠭᠤᠨ ᠢᠶᠠᠷ ᠬᠤᠯᠠ ᠠᠶᠠᠯᠠᠬᠤ ᠶᠢ ᠬᠦᠳᠦᠯᠦᠨ ᠳᠠᠭᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠭᠠᠵᠠᠷ ᠣᠷᠣᠨ

ᠪᠣᠯᠤᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠳᠤᠮᠳᠠᠳᠤ ᠤᠯᠤᠰ ᠪᠣᠯᠤᠨ ᠢᠨᠳᠣᠨᠧᠰᠢᠶ᠎ᠠ ᠶᠢᠨ ᠬᠥᠭᠵᠢᠯᠲᠡ ᠶᠢᠨ ᠱᠠᠳᠤ ᠦᠶ᠎ᠡ ᠠᠳᠠᠯᠢᠪᠲᠤᠷ᠂ ᠬᠠᠮᠲᠤ ᠶᠢᠨ ᠠᠰᠢᠭ ᠲᠤᠰᠠ

ᠬᠤᠯᠪᠣᠯᠳᠤᠵᠤ᠂ ᠤᠢᠢᠯᠠᠭᠠᠭᠳᠠᠬᠤᠨ ᠵᠠᠮ ᠨᠡᠪᠲᠡᠷᠡᠯᠴᠡᠵᠦ᠂ ᠢᠷᠡᠭᠡᠳᠦᠢ ᠬᠤᠪᠢ ᠵᠠᠶᠠᠭ᠎ᠠ ᠬᠤᠯᠪᠣᠯᠳᠤᠵᠥ ᠪᠠᠶᠢᠳᠠᠭ᠃ ᠳᠤᠮᠳᠠᠳᠤ ᠢᠨᠳᠣᠨᠧᠰᠢᠶ᠎ᠠ ᠶᠢᠨ ᠬᠤᠪᠢ

ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠠ ᠨᠡᠶᠢᠳᠡᠮ ᠤᠨ ᠬᠦᠰᠡᠯ

ᠬᠦᠯᠢᠶᠡᠯᠳᠡ ᠮᠥᠨ᠃ ᠬᠤᠶᠠᠷ ᠲᠠᠯ᠎ᠠ ᠪᠠᠷ ᠢᠶᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠡᠨᠡ ᠬᠦ ᠶᠡᠭᠡ ᠴᠢᠭᠯᠡᠯ ᠢ

ᠲᠣᠭᠲᠠᠭᠠᠭᠰᠠᠨ ᠳᠤ ᠮᠠᠰᠢ ᠪᠠᠶᠠᠷᠲᠠᠢ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ᠡᠭᠦᠨ ᠢᠶᠠᠷ ᠶᠡᠷᠦᠩᠬᠡᠶᠢᠯᠡᠨ ᠵᠢᠯᠤᠭᠤᠳᠤᠭᠤᠯᠵᠤ᠂

ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠲᠤᠰ ᠲᠤᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ

ᠬᠠᠮᠠᠭᠠᠯᠠᠬᠤ ᠶᠢ ᠡᠷᠡᠰ ᠲᠡᠮᠵᠢᠵᠥ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠲᠡᠮᠵᠢᠵᠥ᠂

ᠲᠤᠰ ᠲᠤᠰ ᠤᠨ ᠢᠶᠠᠨ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠲᠦᠪᠰᠢᠨ ᠢᠶᠠᠨ ᠳᠡᠭᠡᠭᠰᠢᠯᠡᠭᠦᠯᠬᠦ ᠶᠢ ᠡᠷᠡᠰ ᠲᠡᠮᠵᠢᠨ᠎ᠡ᠃ ᠬᠤᠶᠠᠷ

ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠵᠦ

᠂ ᠨᠠᠩ ᠣᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠳᠡᠢ᠃ ᠵᠠᠺᠠᠷᠲ᠋ᠠ ᠪᠠᠨᠳᠦ᠋ᠩ ᠤᠨ ᠲᠦᠷᠭᠡᠨ ᠤ ᠲᠡᠮᠦᠷ ᠵᠠᠮ ᠢ ᠲᠣᠭᠲᠠᠭᠰᠠᠨ ᠬᠤᠭᠤᠴᠠᠭᠠᠨ ᠳᠤ ᠴᠢᠨᠠᠷ

ᠰᠠᠶᠢᠲᠠᠶ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠬᠤᠩᠭᠢᠯ︾ ᠪᠣᠯᠤᠨ ︽ᠬᠤᠶᠠᠷ ᠤᠯᠤᠰ ᠤᠨ

ᠬᠤᠶᠠᠷ ᠬᠦᠷᠢᠶᠡᠯᠡᠩ︾ ᠵᠡᠷᠭᠡ ᠴᠢᠬᠤᠯᠠ ᠶᠡᠭᠡ ᠬᠠᠮᠲᠤᠷᠠᠯᠴᠠᠭᠠᠨ ᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠶ᠎ᠡ᠃ ᠳᠤᠮᠳᠠᠳᠤ ᠤᠯᠤᠰ ᠦᠷᠭᠦᠯᠵᠢᠯᠡᠨ

ᠢᠨᠳᠣᠨᠧᠰᠢᠶ᠎ᠠ ᠶᠢᠨ ᠣᠷᠣᠨ ᠪᠦᠰᠡ ᠶᠢᠨ ᠸᠠᠺᠼᠢᠨ ᠤ ᠦᠢᠯᠡᠳᠪᠦᠷᠢᠯᠡᠯ ᠤᠨ ᠲᠥᠪ ᠪᠠᠶᠢᠭᠤᠯᠬᠤ ᠶᠢ ᠪᠦᠬᠦ ᠳᠠᠯ᠎ᠠ ᠪᠠᠷ ᠳᠠᠮᠵᠢᠵᠥ᠂ ᠤᠯᠠᠨ ᠨᠡᠶᠢᠲᠡ ᠶᠢᠨ ᠡᠷᠡᠭᠦᠯ

ᠬᠠᠮᠠᠭᠠᠯᠠᠯ ᠤᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠳᠤᠷᠠᠲᠠᠶ᠎ᠠ ᠢᠨᠳᠣᠨᠧᠰᠢᠶ᠎ᠠ ᠶᠢᠨ ᠪᠥᠭᠡᠮ ᠲᠠᠸᠠᠷ ᠪᠣᠯᠤᠨ ᠴᠢᠨᠠᠷ ᠰᠠᠶᠢᠲᠠᠢ ᠲᠠᠷᠢᠶᠠᠯᠠᠩ ᠤᠨ ᠲᠤᠰᠠᠯᠠᠬᠤ

ᠠᠵᠤ ᠠᠬᠤᠢ ᠶᠢᠨ ᠪᠦᠲᠦᠭᠡᠭᠳᠡᠬᠦᠨ ᠢ ᠣᠷᠣᠭᠤᠯᠬᠤ ᠪᠠᠨ ᠦᠷᠭᠦᠯᠵᠢᠯᠡᠨ ᠥᠷᠭᠡᠳᠭᠡᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠢᠨᠳᠣᠨᠧᠰᠢᠶ᠎ᠠ ᠶᠢᠨ ᠰᠢᠨ᠎ᠡ ᠨᠡᠶᠢᠰᠯᠡᠯ

ᠪᠠ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠪᠠᠯᠠ ᠬᠤᠷᠠᠮᠳᠤᠭᠤᠯᠭ᠎ᠠ ᠶᠢᠨ

ᠬᠠᠮᠲᠤᠷᠠᠯᠴᠠᠭ᠎ᠠ ᠶᠢ ᠥᠷᠭᠡᠳᠭᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠬᠥᠭᠵᠢᠯᠲᠡ ᠵᠡᠷᠭᠡ ᠬᠦᠷᠢᠶᠡᠨ ᠳᠤ ᠰᠢᠨ᠎ᠡ ᠨᠡᠮᠡᠭᠳᠡᠯ ᠤᠨ

ᠴᠡᠭ ᠢ ᠪᠤᠶᠢᠵᠢᠭᠤᠯᠤᠨ᠎ᠠ ᠬᠡᠵᠥ ᠴᠢᠬᠤᠯᠠᠴᠢᠯᠠᠪᠠ᠃ 

     ᠰᠢ ᠶᠢᠨ ᠫᠢᠩ᠂ ᠣᠳᠣᠬᠠᠨ ᠤ ᠳᠡᠯᠡᠬᠡᠶ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠥᠬᠡᠶ ᠬᠡᠯᠪᠡᠷᠢ ᠪᠠᠷ ᠶᠠᠪᠤᠭᠳᠠᠵᠤ ᠪᠠᠶᠢᠨ᠎ᠠ᠂ ᠳᠤᠮᠳᠠᠳᠤ

ᠢᠨᠳᠣᠨᠧᠰᠢᠶ᠎ᠠ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠥᠭᠵᠢᠵᠦ ᠪᠠᠶᠢᠭ᠎ᠠ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠵᠢᠩᠬᠢᠨᠢ

ᠣᠯᠠᠨ ᠲᠠᠯᠠᠲᠤ ᠦᠵᠡᠯ ᠢ ᠦᠶ᠋ᠯᠡᠳᠦᠯᠭᠡᠵᠢᠭᠦᠯᠵᠦ᠂ ᠨᠡᠭᠡᠭᠡᠯᠲᠡᠲᠦ ᠣᠷᠣᠨ ᠪᠦᠰᠡ ᠶᠢᠨ ᠦᠵᠡᠯ ᠢ ᠪᠠᠷᠢᠮᠲᠠᠯᠠᠵᠤ᠂ ᠪᠥᠬᠦ ᠪᠥᠮᠪᠥᠷᠴᠡᠭ ᠤᠨ ᠵᠠᠰᠠᠯᠲᠠ ᠶᠢ

ᠠᠬᠢᠭᠤᠯᠬᠤ ᠳᠤ ᠳᠣᠷᠣᠨᠠᠳᠠᠬᠢᠨ ᠤ ᠣᠶᠤᠨ ᠤᠬᠠᠭᠠᠨ ᠢ ᠬᠠᠩᠭᠠᠵᠤ᠂ ᠠᠽᠢᠶ᠎ᠠ ᠲᠢᠪ ᠤᠨ ᠬᠦᠴᠦᠨ ᠴᠢᠳᠠᠯ ᠢᠶᠠᠨ ᠡᠷᠭᠦᠶ᠎ᠡ᠃ ᠳᠤᠮᠳᠠᠳᠤ ᠶᠢᠨ ᠲᠠᠯ᠎ᠠ

ᠢᠨᠳᠣᠨᠧᠰᠢᠶ᠎ᠠ ᠶᠢᠨ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠪᠠᠯᠢ ᠠᠷᠠᠯ ᠤᠨ ᠲᠦᠷᠦᠭᠦᠴᠦᠳ ᠤᠨ ᠬᠤᠷᠠᠯ ᠢ ᠡᠷᠬᠢᠯᠡᠨ

ᠬᠤᠷᠠᠯᠳᠤᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠳᠤᠷᠠᠲᠠᠶ᠎ᠠ ᠢᠨᠳᠣᠨᠧᠰᠢᠶ᠎ᠠ ᠯᠤᠭ᠎ᠠ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂

ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠨ᠎ᠠ᠃ ᠳᠤᠮᠳᠠᠳᠤ ᠤᠯᠤᠰ ᠪᠠᠰᠠ ᠢᠨᠳᠣᠨᠧᠰᠢᠶ᠎ᠠ ᠶᠢᠨ ᠢᠷᠡᠬᠦ ᠵᠢᠯ ᠵᠡᠭᠦᠨ ᠡᠮᠦᠨᠡᠲᠦ

ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠤᠷᠠᠲᠠᠶ᠎ᠠ ᠵᠡᠭᠦᠨ ᠡᠮᠦᠨᠡᠲᠦ

ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ︽ᠲᠠᠪᠤᠨ ᠶᠡᠭᠡ ᠬᠡᠷ ᠣᠷᠣᠨ︾ ᠤ ᠪᠠᠶᠢᠭᠤᠯᠤᠯᠲᠠ ᠳᠤ

ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠥᠬᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠬᠥᠳᠡᠯᠭᠡᠬᠦ ᠡᠨᠧᠷᠭᠢ ᠶᠢ ᠲᠠᠰᠤᠷᠠᠯᠲᠠ ᠥᠬᠡᠶ ᠪᠠᠳᠠᠷᠠᠭᠤᠯᠤᠨ᠎ᠠ᠃ ᠳᠤᠮᠳᠠᠳᠤ ᠤᠯᠤᠰ

ᠢᠨᠳᠣᠨᠧᠰᠢᠶ᠎ᠠ ᠶᠢᠨ ᠬᠢᠨ ᠤ ︽ᠠᠯᠲᠠᠨ ᠲᠣᠭᠤᠰᠭ᠋᠎ᠠ ᠤᠯᠤᠰ ᠤᠳ +︾ ᠬᠠᠮᠲᠤᠷᠠᠯᠴᠠᠭ᠎ᠠ ᠳᠤ ᠦᠷᠭᠦᠯᠵᠢᠯᠡᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ᠂

ᠢᠨᠳᠣᠨᠧᠰᠢᠶ᠎ᠠ ᠶᠢᠨ ᠬᠢᠨ ᠤ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠤᠨ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ

ᠳᠡᠮᠵᠢᠨ ᠴᠢᠬᠤᠯᠠᠴᠢᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠳᠤᠷᠠᠲᠠᠶ᠎ᠠ ᠢᠨᠳᠣᠨᠧᠰᠢᠶ᠎ᠠ ᠯᠤᠭ᠎ᠠ ᠡᠭᠦᠨ ᠤ ᠲᠤᠬᠠᠶ ᠤᠯᠤᠯᠴᠠᠭ᠎ᠠ ᠬᠠᠮᠲᠤᠷᠠᠯᠴᠠᠭ᠎ᠠ ᠪᠠᠨ

ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃

    ᠽᠦᠸᠧᠺᠧ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠡᠭᠦᠰ ᠠᠮᠵᠢᠯᠲᠠ ᠲᠠᠢ ᠬᠤᠷᠠᠯᠳᠤᠬᠤ ᠶᠢ ᠵᠥᠩᠨᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ

ᠢᠷᠡᠭᠡᠳᠦᠢ ᠳᠤ ᠨᠡᠩ ᠶᠡᠭᠡ ᠠᠮᠵᠢᠯᠲᠠ ᠤᠯᠬᠤ ᠶᠢ ᠢᠲᠡᠭᠡᠵᠦ ᠪᠠᠶᠢᠨ᠎ᠠ᠃ ᠢᠨᠳᠣᠨᠧᠰᠢᠶ᠎ᠠ ᠪᠣᠯᠤᠨ ᠳᠤᠮᠳᠠᠳᠤ ᠤᠯᠤᠰ ᠪᠣᠯ ᠪᠦᠬᠦ ᠲᠠᠯ᠎ᠠ ᠶᠢᠨ ᠪᠠᠶᠢᠯᠳᠤᠬᠤ

ᠪᠤᠳᠤᠯᠭ᠎ᠠ ᠶᠢᠨ ᠬᠠᠨᠢᠲᠠᠨ ᠮᠥᠨ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠴᠢᠬᠤᠯᠠ ᠬᠠᠷᠠᠯᠲᠠ ᠶᠢ ᠲᠣᠭᠲᠠᠭᠠᠵᠤ᠂ ᠬᠠᠷᠢᠯᠴᠠᠨ

ᠬᠠᠮᠲᠤᠷᠠᠯᠴᠠᠬᠤ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠠᠪᠤᠳᠠᠯ ᠪᠣᠯᠤᠨ᠎ᠠ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ

ᠪᠠᠷᠠᠬᠤ ᠦᠭᠡᠢ ᠪᠠᠰᠠ ᠭᠠᠵᠠᠷ ᠣᠷᠣᠨ ᠪᠣᠯᠤᠨ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠤᠨ᠎ᠠ᠃

ᠣᠳᠣᠬᠠᠨ ᠤ ᠲᠤᠭᠳᠠᠭᠠᠯᠳᠤ ᠪᠤᠰᠤ ᠴᠢᠨᠠᠷ ᠢᠶᠠᠷ ᠪᠢᠯᠬᠠᠮ᠎ᠠ ᠳᠡᠯᠡᠬᠡᠢ ᠶᠢᠨ ᠪᠠᠶᠢᠳᠠᠯ ᠳᠣᠣᠷ᠎ᠠ᠂ ᠢᠨᠳᠣᠨᠧᠰᠢᠶ᠎ᠠ ᠪᠣᠯᠤᠨ ᠳᠤᠮᠳᠠᠳᠤ ᠤᠯᠤᠰ ᠤᠨ ᠰᠠᠶᠢᠨ ᠰᠠᠶᠢᠬᠠᠨ

ᠬᠠᠮᠲᠤᠷᠠᠯᠴᠠᠭ᠎ᠠ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠪᠠᠶᠢᠯᠳᠤᠬᠤ ᠪᠤᠳᠤᠯᠭ᠎ᠠ ᠶᠢᠨ ᠴᠢᠨᠠᠷ ᠢ ᠢᠯᠡᠷᠡᠭᠦᠯᠵᠦ᠂ ᠭᠠᠵᠠᠷ ᠣᠷᠣᠨ ᠪᠣᠯᠤᠨ ᠳᠡᠯᠡᠬᠡᠢ ᠳ᠋ᠠᠬᠢᠨ ᠳᠤ

ᠠᠪᠴᠤ ᠬᠡᠯᠡᠪᠡᠯ ᠴᠥᠮ ᠢᠳᠡᠪᠬᠢ ᠬᠦᠴᠦᠨ ᠪᠣᠯᠤᠨ᠎ᠠ᠃ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠬᠤᠶᠠᠷ ᠤᠯᠤᠰ ᠤᠨ ᠪᠥᠬᠦ

ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠪᠣᠯᠤᠨ

ᠪᠥᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠠ᠃ ᠢᠨᠳᠣᠨᠧᠰᠢᠶ᠎ᠠ ᠶᠢᠨ ᠬᠢᠨ ᠳᠤᠮᠳᠠᠳᠤ ᠤᠯᠤᠰ ᠤᠨ

ᠶᠠᠳᠠᠭᠤ ᠶᠢ ᠲᠡᠳᠬᠦᠬᠦ ᠲᠠᠯ᠎ᠠ ᠪᠠᠷ ᠣᠯᠤᠭᠰᠠᠨ ᠭᠠᠷᠮᠠᠭᠠᠢ ᠠᠮᠵᠢᠯᠲᠠ ᠶᠢ ᠪᠢᠰᠢᠷᠡᠵᠦ᠂ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠪᠠᠷ ᠲᠤᠯᠢ

ᠪᠣᠯᠭᠠᠨ᠎ᠠ᠃ ᠳᠤᠮᠳᠠᠳᠤ ᠤᠯᠤᠰ ᠢᠨᠳᠣᠨᠧᠰᠢᠶ᠎ᠠ ᠶᠢᠨ ᠰᠢᠨ᠎ᠡ ᠨᠡᠶᠢᠰᠯᠡᠯ ᠪᠣᠯᠤᠨ ᠤᠮᠠᠷᠠᠲᠤ ᠺᠠᠯᠢᠮᠠᠨᠲ᠋ᠠᠨ ᠤ ᠪᠣᠬᠢᠷᠲᠤᠯ ᠥᠬᠡᠶ ᠠᠵᠤ ᠦᠢᠯᠡᠳᠪᠦᠷᠢ ᠶᠢᠨ

ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ︽ᠪᠥᠬᠦ ᠪᠥᠮᠪᠥᠷᠴᠡᠭ ᠤᠨ ᠲᠡᠯᠡᠶ ᠲᠠᠩᠭᠢᠰ ᠤᠨ ᠲᠤᠯᠭᠠᠭᠤᠷᠢᠯᠠᠬᠤ ᠴᠡᠭ︾ ᠤᠨ

ᠲᠥᠰᠦᠪᠯᠡᠯ ᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ

ᠴᠢᠩᠭᠠᠳᠬᠠᠵᠤ᠂ ᠪᠠᠯᠠ ᠣᠷᠣᠭᠤᠯᠤᠯᠲᠠ᠂ ᠮᠡᠷᠭᠡᠵᠢᠯ᠂ ᠸᠠᠺᠼᠢᠨ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠵᠠᠺᠠᠷᠲ᠋ᠠ ᠪᠠᠨᠳᠦ᠋ᠩ ᠤᠨ ᠲᠦᠷᠭᠡᠨ ᠤ ᠲᠡᠮᠦᠷ ᠵᠠᠮ ᠪᠣᠯ ᠢᠨᠳᠣᠨᠧᠰᠢᠶ᠎ᠠ ᠶᠢᠨ ᠲᠦᠷᠭᠡᠨ ᠬᠥᠭᠵᠢᠯᠲᠡ ᠶᠢᠨ

ᠪᠡᠯᠭᠡ ᠲᠡᠮᠳᠡᠭ ᠮᠥᠨ᠂ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠵᠠᠺᠠᠷᠲ᠋ᠠ ᠪᠠᠨᠳᠦ᠋ᠩ ᠤᠨ ᠲᠦᠷᠭᠡᠨ ᠤ ᠲᠡᠮᠦᠷ

ᠵᠠᠮ ᠤᠨ ᠲᠣᠭᠲᠠᠭᠰᠠᠨ ᠴᠠᠭ ᠲᠠᠭᠠᠨ ᠪᠠᠷᠢᠯᠭ᠎ᠠ ᠳᠠᠭᠤᠰᠴᠤ ᠠᠵᠢᠯᠯᠠᠬᠤ ᠶᠢ ᠦᠨᠡᠨ ᠬᠦ ᠪᠠᠲᠤᠯᠠᠵᠤ᠂ ᠲᠡᠭᠦᠨ ᠢ ᠬᠤᠶᠠᠷ ᠤᠯᠤᠰ ᠤᠨ ᠨᠥᠬᠦᠷᠯᠡᠯ ᠤᠨ ᠪᠠᠰᠠ ᠨᠢᠭᠡᠨ

ᠥᠷᠯᠥᠭ ᠬᠥᠰᠢᠶ᠎ᠡ ᠪᠣᠯᠭᠠᠨ᠎ᠠ᠃ ᠲᠤᠮᠳᠠᠳᠤ ᠤᠯᠤᠰ ᠤᠨ ᠢᠨᠳᠣᠨᠧᠰᠢᠶ᠎ᠠ ᠶᠢᠨ ᠬᠤᠷᠢᠨ ᠤᠯᠤᠰ ᠤᠨ ᠪᠦᠯᠦᠭᠯᠡᠯ ᠤᠨ ᠲᠡᠷᠢᠭᠦᠯᠡᠭᠴᠢ ᠤᠯᠤᠰ ᠤᠨ ᠠᠵᠢᠯ ᠢᠶᠠᠨ

ᠰᠠᠶᠢᠲᠤᠷ ᠬᠢᠬᠦ ᠳᠤ ᠦᠵᠡᠬᠦᠯᠦᠭᠰᠡᠡ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠵᠤ

᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠪᠠᠯᠢ ᠠᠷᠠᠯ ᠤᠨ ᠲᠦᠷᠦᠭᠦᠴᠦᠳ ᠤᠨ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ

ᠠᠬᠢᠭᠤᠯᠤᠨ᠎ᠠ᠃ ᠢᠷᠡᠬᠦ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂

ᠢᠨᠳᠣᠨᠧᠰᠢᠶ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠬᠠᠷᠢᠯᠴᠠᠭ᠎ᠠ ᠶᠢᠨ

ᠬᠥᠭᠵᠢᠯᠲᠡ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ ᠭᠡᠵᠦ ᠢᠯᠡᠳᠭᠡᠪᠡ᠃

      ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠳᠡᠯᠡᠬᠡᠶ ᠨᠡᠶᠢᠲᠡ ᠪᠠᠷ ᠢᠶᠠᠨ

ᠢᠳᠬᠠᠨ ᠡᠪᠰᠡᠭᠦᠯᠬᠦ ᠪᠠ ᠬᠡᠯᠡᠯᠴᠡᠭᠡ ᠬᠢᠯᠭᠡᠬᠦ ᠳᠤ ᠨᠥᠬᠦᠴᠡᠯ ᠪᠦᠷᠢᠯᠳᠦᠭᠦᠯᠵᠦ᠂ ᠦᠺᠷᠠᠶᠢᠨ ᠤ ᠪᠠᠶᠢᠳᠠᠯ ᠨᠠᠮᠳᠠᠬᠤ᠂ ᠪᠦᠬᠦ ᠪᠥᠮᠪᠥᠷᠴᠡᠭ ᠤᠨ ᠠᠵᠤ ᠠᠬᠤᠶ ᠶᠢᠨ

ᠡᠮᠬᠢ ᠲᠢᠭᠯᠢᠮ ᠢ ᠲᠣᠭᠲᠠᠪᠤᠷᠢᠵᠢᠭᠤᠯᠬᠤ ᠳᠤ ᠪᠦᠲᠦᠭᠡᠯᠴᠢ ᠴᠢᠨᠠᠷᠲᠠᠶ ᠦᠢᠯᠡᠳᠦᠯ ᠦᠵᠡᠭᠦᠯᠵᠦ᠂ ᠬᠢᠯᠪᠠᠷ ᠪᠤᠰᠤ ᠪᠠᠷ ᠢᠷᠡᠭᠰᠡᠨ ᠭᠠᠵᠠᠷ ᠣᠷᠣᠨ ᠤ ᠡᠩᠬᠡ ᠲᠠᠶᠢᠪᠤᠩ

ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠪᠡᠯ ᠵᠤᠬᠢᠨ᠎ᠠ ᠭᠡᠵᠦ ᠦᠵᠡᠵᠡᠭᠡᠪᠡ᠃

      ᠬᠤᠶᠠᠷ ᠲᠠᠯ᠎ᠠ ᠪᠠᠷ ᠢᠶᠠᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠠ ᠨᠠᠶᠢᠷᠠᠮᠳᠠᠬᠤ ᠢᠨᠳᠣᠨᠧᠰᠢᠶ᠎ᠠ ᠤᠯᠤᠰ ᠬᠤᠶᠠᠷ

ᠤᠯᠤᠰ ᠤᠨ ᠲᠡᠷᠢᠭᠦᠨ ᠤ ᠠᠭᠤᠯᠵᠠᠯᠲᠠ ᠶᠢᠨ ᠬᠠᠮᠲᠤᠷᠠᠭᠰᠠᠨ ᠰᠣᠨᠢᠨ ᠮᠡᠳᠡᠭᠡᠨ ᠤ ᠢᠯᠡᠷᠬᠡᠶᠢᠯᠡᠯᠲᠡ︾ ᠶᠢ ᠨᠡᠶᠢᠲᠡᠯᠡᠭᠰᠡᠨ ᠪᠥᠭᠡᠳ ᠲᠣᠷᠭᠠᠨ ᠵᠠᠮ ᠤᠨ ᠠᠵᠤ

ᠠᠬᠤᠢ ᠶᠢᠨ ᠪᠦᠰᠡ ᠪᠣᠯᠤᠨ 21 ᠳ᠋ᠤᠭᠡᠷ ᠵᠠᠭᠤᠨ ᠤ ᠲᠠᠯᠠᠢ ᠳᠡᠭᠡᠷᠡᠬᠢ ᠲᠣᠷᠭᠠᠨ ᠵᠠᠮ ᠤᠨ ᠰᠠᠨᠠᠭᠠᠴᠢᠯᠠᠭ᠎ᠠ ᠬᠢᠭᠡᠳ ︽ᠪᠦᠬᠦ ᠪᠥᠮᠪᠥᠷᠴᠡᠭ ᠤᠨ ᠲᠠᠯᠠᠢ ᠲᠠᠩᠭᠢᠰ ᠤᠨ

ᠲᠤᠯᠭᠠᠭᠤᠷᠢᠯᠠᠬᠤ ᠴᠡᠭ︾ ᠤᠨ ᠪᠣᠳᠣᠯᠬᠢᠯᠠᠯ ᠤᠨ ᠲᠤᠬᠠᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠵᠢᠴᠢ ᠸᠠᠺᠼᠢᠨ᠂ ᠪᠣᠬᠢᠷᠲᠤᠯ ᠦᠭᠡᠢ

ᠬᠥᠭᠵᠢᠯᠲᠡ᠂ ᠰᠦᠯᠵᠢᠶᠡᠨ ᠤ ᠠᠮᠤᠷ ᠲᠦᠪᠰᠢᠨ᠂ ᠲᠠᠯᠠᠢ ᠲᠠᠩᠭᠢᠰ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ

ᠵᠢᠷᠤᠪᠠ᠃

      ᠲᠤᠰ ᠤᠷᠤᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠽᠦᠸᠧᠺᠧ ᠪᠣᠯᠤᠨ ᠲᠡᠭᠦᠨ ᠤ ᠬᠠᠳᠤᠨ ᠢᠯᠢᠶᠠᠨᠠ ᠳᠤ ᠤᠷᠤᠢ ᠶᠢᠨ ᠳᠠᠶᠢᠯᠠᠯᠭ᠎ᠠ

ᠬᠢᠪᠡ᠃

      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠾᠧ ᠯᠢ ᠹᠧᠩ ᠨᠠᠷ ᠣᠷᠣᠯᠴᠠᠵᠠᠢ᠃ 

   

ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ