ᠰᠢ ᠶᠢᠨ ᠫᠢᠩ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠥ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠥ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ
ᠨᠡᠶᠢᠲᠡᠯᠡᠭᠰᠡᠨ ᠴᠠᠭ᠄
2022/7/29
      ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ ᠸᠠᠩ ᠴᠢ ᠱᠠᠨ ᠣᠷᠣᠯᠴᠠᠵᠠᠢ      ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ 26 ᠠᠴᠠ 27 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠤ᠂ ᠪᠦᠬᠦ ᠨᠠᠮ ᠢᠶᠠᠷ ᠢᠶᠠᠨ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠱᠤᠭᠤᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠪᠢᠳᠡ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠤᠯ ᠡᠭᠦᠷᠭᠡ ᠶᠢ ᠪᠠᠲᠤ ᠡᠵᠡᠮᠳᠡᠵᠦ᠂ ᠰᠢᠨ᠎ᠡ ᠰᠡᠳᠭᠢᠴᠡ᠂ ᠰᠢᠨ᠎ᠡ ᠪᠠᠶᠢᠯᠳᠤᠬᠤ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠳᠤᠷᠠᠳᠴᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠡᠷᠡᠯᠬᠡᠭᠯᠡᠨ ᠴᠢᠷᠮᠠᠶᠢᠵᠥ᠂ ᠡᠷᠡᠮᠡᠬᠡᠶᠢᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠦ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃       

6379460284585114808165250.jpg

     

      ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ︽ᠶᠡᠷᠦᠩᠬᠡᠢ ᠱᠦᠵᠢ ᠰᠢ ᠶᠢᠨ ᠫᠢᠩ ᠤᠨ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ

ᠠᠩᠬᠢ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ

ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠤᠰᠤᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃

      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠠ

      ᠰᠢ ᠶᠢᠨ ᠫᠢᠩ᠂ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ

ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠰᠠᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠬᠤ ᠨᠢᠭᠡ ᠤᠳᠠᠭ᠎ᠠ ᠶᠢᠨ ᠲᠦᠢᠯ ᠤᠨ ᠴᠢᠬᠤᠯᠠ

ᠶᠡᠭᠡ ᠬᠤᠷᠠᠯ ᠪᠠᠶᠢᠵᠥ᠂ ᠢᠷᠡᠭᠡᠳᠦᠢ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ

ᠬᠠᠷᠠᠯᠲᠠ ᠡᠭᠦᠷᠭᠡ ᠪᠣᠯᠤᠨ ᠦᠨᠳᠦᠰᠦᠨ ᠪᠤᠳᠤᠯᠭ᠎ᠠ ᠴᠢᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠥ᠂ ᠨᠠᠮ ᠪᠣᠯᠤᠨ ᠤᠯᠤᠰ ᠤᠨ ᠠᠵᠢᠯ ᠦᠢᠯᠡᠰ ᠤᠨ

ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠠᠢ ᠬᠤᠯᠪᠣᠭᠳᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠷᠡᠭᠡᠳᠦᠢ ᠬᠤᠪᠢ

ᠵᠠᠶᠠᠭ᠎ᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠨ᠎ᠠ᠃ ᠨᠠᠮ ᠰᠢᠨ᠎ᠡ ᠠᠶᠠᠨ ᠳᠠᠭᠠᠨ ᠶᠠᠮᠠᠷ

ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ᠂ ᠶᠠᠮᠠᠷ ᠶᠠᠩᠵᠤ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠶᠠᠮᠠᠷ ᠬᠠᠷᠠᠯᠲᠠ ᠲᠡᠶᠢᠰᠢ ᠦᠷᠭᠦᠯᠵᠢᠯᠡᠨ

ᠤᠷᠤᠭᠰᠢᠯᠠᠬᠤ ᠶᠢ ᠲᠣᠳᠣᠷᠬᠠᠢ ᠢᠯᠡᠷᠬᠡᠶᠢᠯᠡᠵᠥ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠵᠣᠷᠢᠭᠵᠢᠭᠤᠯᠵᠤ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠴᠢᠷᠮᠠᠶᠢᠨ ᠲᠡᠮᠡᠴᠡᠭᠦ ᠳᠤ ᠲᠦᠢᠯ ᠤᠨ ᠴᠢᠬᠤᠯᠠ ᠶᠡᠭᠡ

ᠠᠴᠢ ᠬᠤᠯᠪᠣᠭᠳᠠᠯ ᠲᠠᠢ ᠶᠤᠮ ᠬᠡᠵᠥ ᠴᠢᠬᠤᠯᠠᠴᠢᠯᠠᠪᠠ᠃

     ᠰᠢ ᠶᠢᠨ ᠫᠢᠩ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠳᠡᠯᠡᠬᠡᠢ ᠶᠢᠨ ᠪᠠ ᠤᠯᠤᠰ ᠤᠨ

ᠳᠣᠲᠣᠭᠠᠳᠤ ᠶᠢᠨ ᠶᠡᠭᠡ ᠬᠠᠨᠳᠤᠰᠢ ᠶᠢ ᠭᠦᠨᠵᠡᠭᠡᠢ ᠵᠠᠳᠠᠯᠵᠤ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠣᠯᠤᠨ ᠠᠶᠤᠯ

ᠲᠦᠭᠰᠢᠭᠦᠷᠢ ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠡᠵᠡᠮᠳᠡᠬᠦ ᠬᠡᠷᠡᠭᠲᠡᠢ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠲᠣᠬᠢᠶᠠᠯᠳᠤᠭ᠎ᠠ ᠦᠭᠡᠢ

ᠶᠡᠭᠡ ᠬᠤᠪᠢᠰᠤᠯᠲᠠ ᠲᠦᠷᠭᠡᠳᠴᠦ᠂ ᠳᠡᠯᠡᠬᠡᠢ ᠳ᠋ᠠᠬᠢᠨ ᠤ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠣᠨᠴᠠᠯᠢᠭ ᠨᠡᠩ

ᠢᠯᠡᠷᠬᠡᠢ ᠪᠣᠯᠪᠠ᠃ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠤᠳᠤᠯᠭ᠎ᠠ ᠶᠢᠨ ᠰᠢᠨ᠎ᠡ ᠠᠵᠠ ᠲᠣᠬᠢᠶᠠᠯ᠂ ᠪᠠᠶᠢᠯᠳᠤᠬᠤ ᠪᠤᠳᠤᠯᠭ᠎ᠠ ᠶᠢᠨ ᠰᠢᠨ᠎ᠡ ᠡᠭᠦᠷᠭᠡ᠂

ᠪᠠᠶᠢᠯᠳᠤᠬᠤ ᠪᠤᠳᠤᠯᠭ᠎ᠠ ᠶᠢᠨ ᠰᠢᠨ᠎ᠡ ᠱᠠᠳᠤ ᠦᠶ᠎ᠡ᠂ ᠪᠠᠶᠢᠯᠳᠤᠬᠤ ᠪᠤᠳᠤᠯᠭ᠎ᠠ ᠶᠢᠨ ᠰᠢᠨ᠎ᠡ ᠱᠠᠭᠠᠷᠳᠠᠯᠭ᠎ᠠ᠂ ᠪᠠᠶᠢᠯᠳᠤᠬᠤ ᠪᠤᠳᠤᠯᠭ᠎ᠠ ᠶᠢᠨ ᠰᠢᠨ᠎ᠡ ᠣᠷᠴᠢᠨ

ᠨᠥᠬᠦᠴᠡᠯ ᠳᠤ ᠳᠤᠯᠭᠠᠷᠠᠵᠥ᠂ ᠠᠷᠭᠠᠴᠠᠭᠠᠬᠤ ᠴᠢᠬᠤᠯᠠᠲᠠᠢ ᠠᠶᠤᠯ ᠲᠦᠭᠰᠢᠭᠦᠷᠢ ᠪᠠ ᠦᠷᠢᠰᠦᠯᠳᠦᠬᠡᠨ᠂ ᠰᠢᠢᠳᠪᠦᠷᠢᠯᠡᠬᠦ ᠴᠢᠬᠤᠯᠠᠲᠠᠢ ᠵᠥᠷᠢᠴᠡᠯ ᠪᠠ ᠠᠰᠠᠭᠤᠳᠠᠯ

ᠥᠩᠭᠡᠷᠡᠭᠰᠡᠨ ᠤ ᠬᠢ ᠠᠴᠠ ᠨᠡᠩ ᠲᠦᠪᠡᠭ ᠪᠤᠳᠤᠯᠢᠶᠠᠨᠲᠠᠢ ᠪᠤᠯᠵᠤ ᠪᠠᠶᠢᠨ᠎ᠠ᠃ ᠪᠦᠬᠦ ᠨᠠᠮ ᠢᠶᠠᠷ ᠢᠶᠠᠨ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂

ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠨ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠴᠢᠳᠠᠪᠤᠷᠢ ᠪᠠᠨ ᠴᠢᠩᠭᠠᠷᠠᠭᠤᠯᠵᠤ᠂ ᠵᠥᠪ

ᠪᠠᠶᠢᠯᠳᠤᠬᠤ ᠪᠤᠳᠤᠯᠭ᠎ᠠ ᠠᠷᠭ᠎ᠠ ᠪᠤᠳᠤᠯᠭ᠎ᠠ ᠪᠠᠷ ᠬᠤᠪᠢᠰᠤᠯᠲᠠ ᠶᠢ ᠠᠷᠭᠠᠴᠠᠭᠠᠵᠤ᠂ ᠰᠢᠨ᠎ᠡ ᠠᠵᠠ ᠲᠣᠬᠢᠶᠠᠯ ᠢ ᠪᠤᠶᠢᠵᠢᠭᠤᠯᠤᠨ᠂ ᠰᠢᠨ᠎ᠡ ᠪᠠᠶᠢᠳᠠᠯ ᠢ ᠨᠡᠭᠡᠭᠡᠵᠦ᠂

ᠡᠷᠡᠰ ᠬᠠᠲᠠᠭᠤ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠶᠢᠨ ᠬᠠᠮᠤᠭ ᠤᠨ ᠦᠨᠳᠦᠰᠦᠨ ᠵᠦᠢᠯ ᠪᠣᠯ

ᠮᠠᠨ ᠤ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠠᠪᠤᠳᠠᠯ ᠪᠣᠯᠤᠨ᠎ᠠ ᠬᠡᠵᠥ ᠵᠢᠭᠠᠵᠥ ᠭᠠᠷᠭᠠᠪᠠ᠃

      ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ ᠡᠬᠡᠯ ᠵᠢᠷ ᠤᠨ

ᠪᠤᠰᠤ ᠶᠤᠮ᠃ ᠨᠠᠮ ᠤᠨ ᠲᠥᠪ ᠬᠤᠷᠢᠶ᠎ᠠ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ

ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠴᠡᠷᠢᠭ ᠪᠦᠬᠦ

ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ

ᠪᠣᠯᠤᠨ ᠵᠠᠯᠭᠠᠭ᠎ᠠ ᠪᠠᠷ ᠲᠤᠯᠭᠠᠷᠠᠬᠰᠠᠨ ᠯᠤᠲᠤ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠴᠢᠷᠮᠠᠶᠢᠨ ᠳᠡᠮᠡᠴᠡᠵᠥ ᠵᠢᠳᠬᠦᠯ

ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠤᠷᠤᠬᠰᠢ ᠠᠬᠢᠭᠤᠯᠪᠠ᠃ ᠪᠢᠳᠡ ᠨᠠᠮ ᠤᠨ

ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠥ᠂

ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠥ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ

ᠠᠬᠢᠭᠤᠯᠵᠥ᠂ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠥ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠶ

ᠠᠬᠢᠭᠤᠯᠵᠥ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠪᠠᠷ ᠬᠥᠭᠵᠢᠭᠦᠯᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ

ᠳᠣᠪᠤᠶᠢᠯᠭᠠᠵᠥ᠂ ᠬᠦᠴᠦᠨ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠥ᠂ ᠠᠮᠢ ᠠᠬᠤᠢ ᠶᠢᠨ

ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠥ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ

ᠪᠠᠶᠢᠳᠠᠯ ᠢ ᠪᠠᠲᠤᠯᠠᠵᠥ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠥ᠂

ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠥ᠂ ᠳᠤᠮᠳᠠᠳᠤ ᠤᠯᠤᠰ ᠤᠨ ᠣᠨᠴᠠᠯᠢᠭ ᠲᠠᠢ ᠲᠤᠮᠤ ᠤᠯᠤᠰ ᠤᠨ ᠭᠠᠳᠠᠭᠠᠳᠤ

ᠬᠠᠷᠢᠯᠴᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠥᠬᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠪᠥᠬᠦ ᠨᠠᠮ ᠳᠤ ᠨᠠᠮ ᠤᠨ ᠲᠡᠦᠬᠡ ᠶᠢᠨ

ᠰᠤᠷᠤᠯᠴᠠᠯᠭ᠎ᠠ ᠬᠥᠮᠦᠵᠢᠯ ᠥᠷᠨᠢᠭᠦᠯᠪᠡ᠃ ᠢᠯᠠᠩᠭᠤᠶ᠎ᠠ ᠭᠡᠨᠡᠳᠲᠡ ᠪᠠᠷ ᠡᠭᠦᠰᠦᠭᠰᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ

ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ ᠠᠷᠠᠳ ᠤᠨ ᠲᠠᠶᠢᠯᠠᠯᠳᠤᠭᠠᠨ᠂ ᠶᠡᠷᠦᠩᠬᠡᠶ

ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠥᠷᠨᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ

ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠠᠵᠤ ᠠᠬᠤᠶ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ

ᠲᠥᠯᠥᠪᠵᠢᠭᠦᠯᠬᠦ ᠲᠠᠯ᠎ᠠ ᠪᠠᠷ ᠳᠡᠯᠡᠬᠡᠶ ᠲᠡᠬᠡᠷ᠎ᠠ ᠬᠠᠮᠤᠭ ᠤᠨ ᠰᠠᠶᠢᠨ ᠦᠷ᠎ᠡ ᠪᠦᠲᠦᠭᠡᠯ ᠤᠯᠪᠠ᠃ ᠪᠢᠳᠡ ᠦᠨᠳᠦᠰᠦᠨ ᠬᠠᠤᠯᠢ ᠪᠣᠯᠤᠨ ᠦᠨᠳᠦᠰᠦ ᠪᠣᠯᠬᠤ ᠬᠠᠤᠯᠢ

ᠶᠣᠰᠣᠭᠠᠷ ᠣᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠣᠨᠴᠠᠭᠠᠢ

ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ᠰᠢᠶᠠᠩᠭᠠᠩ ᠤᠨ ᠶᠡᠭᠡ ᠲᠠᠯ᠎ᠠ ᠶᠢ ᠪᠠᠲᠤ

ᠡᠵᠡᠮᠳᠡᠪᠡ᠃ ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ ᠪᠢᠳᠡ ᠲᠡᠮᠡᠴᠡᠯ ᠤᠨ ᠳᠤᠮᠳᠠ ᠤᠯᠤᠰ ᠤᠨ ᠨᠡᠷ᠎ᠡ ᠬᠦᠨᠳᠦ ᠪᠠ ᠭᠤᠣᠯᠯᠠᠬᠤ ᠠᠰᠢᠭ

ᠲᠤᠰᠠ ᠶᠢ ᠬᠠᠮᠠᠭᠠᠯᠠᠵᠤ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠪᠡ᠃ ᠪᠢᠳᠡ ᠪᠦᠬᠦ ᠲᠠᠯ᠎ᠠ ᠪᠠᠷ

ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠬᠤ ᠠᠴᠠ

ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠨᠠᠮ ᠪᠣᠯᠤᠨ ᠠᠷᠠᠳ ᠤᠯᠠᠨ ᠤ

ᠴᠢᠰᠤ ᠮᠢᠬᠠᠨ ᠤ ᠬᠠᠷᠢᠴᠠᠭ᠎ᠠ ᠶᠢ ᠨᠡᠩ ᠨᠢᠭᠲᠠᠷᠠᠭᠤᠯᠵᠤ᠂ ᠨᠠᠮ ᠤᠨ ᠳᠣᠲᠣᠭᠠᠳᠤ ᠶᠢᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ

ᠪᠦᠷᠢᠯᠳᠦᠭᠦᠯᠦᠨ ᠬᠥᠭᠵᠢᠭᠦᠯᠵᠦ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ

ᠪᠠᠲᠤᠯᠠᠭ᠎ᠠ ᠬᠠᠩᠭᠠᠪᠠ ᠬᠡᠵᠥ ᠴᠢᠬᠤᠯᠠᠴᠢᠯᠠᠪᠠ᠃

      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠬᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ

ᠦᠶ᠎ᠡ ᠳᠤ ᠣᠷᠣᠪᠠ᠃ ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂

︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠱᠤᠭᠤᠮ᠂

ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠠᠪᠴᠤ᠂ ᠠᠯᠢ

ᠣᠯᠠᠨ ᠬᠤᠪᠢᠰᠤᠯᠲᠠ ᠶᠢᠨ ᠴᠢᠨᠠᠷᠲᠠᠶ ᠦᠢᠯᠡᠳᠦᠯᠭᠡ ᠶᠢ ᠠᠬᠢᠭᠤᠯᠵᠤ᠂ ᠠᠯᠢ ᠣᠯᠠᠨ ᠰᠢᠪᠲᠤᠯᠤᠯᠲᠠ ᠶᠢᠨ ᠴᠢᠨᠠᠷᠲᠠᠶ ᠠᠬᠢᠴᠠ ᠶᠢ ᠪᠡᠶᠡᠯᠡᠭᠦᠯᠵᠤ᠂ ᠠᠯᠢ ᠣᠯᠠᠨ ᠪᠡᠯᠭᠡ

ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠣᠯᠵᠤ᠂ ᠤᠷᠲᠤ ᠬᠤᠭᠤᠴᠠᠭ᠎ᠠ ᠪᠠᠷ ᠰᠢᠶ᠋ᠳᠪᠦᠷᠢᠯᠡᠭᠡᠳᠦᠶ ᠮᠠᠰᠢ ᠣᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠤᠰ

ᠬᠡᠲᠦ ᠳᠤ ᠬᠤᠯᠪᠣᠭᠳᠠᠬᠤ ᠮᠠᠰᠢ ᠣᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠤ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠬᠡᠯᠪᠡᠷᠢ᠂

ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ ᠢᠷᠡᠭᠰᠡᠨ ᠠᠶᠤᠯ ᠲᠦᠭᠰᠢᠭᠦᠷᠢ ᠥᠷᠢᠰᠥᠯᠳᠦᠭᠡᠨ ᠤ ᠰᠢᠯᠭᠠᠯᠲᠠ ᠶᠢ ᠲᠠᠭᠠᠭᠠᠵᠤ᠂ ᠨᠠᠮ ᠪᠣᠯᠤᠨ ᠤᠯᠤᠰ ᠤᠨ ᠠᠵᠢᠯ

ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠪᠠ᠃ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ

ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ

ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ ᠭᠡᠵᠤ ᠵᠢᠭᠠᠵᠤ ᠭᠠᠷᠭᠠᠪᠠ᠃

     ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠡᠶᠢᠮᠦ ᠬᠢᠯᠪᠠᠷᠬᠠᠨ ᠢᠶᠠᠷ᠂ ᠬᠡᠩᠭᠡᠷᠭᠡ ᠴᠠᠩ ᠳᠡᠯᠡᠳᠴᠦ ᠪᠠᠶᠢᠭᠠᠳ

ᠪᠡᠶᠡᠯᠡᠭᠦᠯᠴᠢᠬᠡᠬᠦ ᠪᠢᠰᠢ ᠶᠤᠮ᠂ ᠡᠷᠬᠡᠪᠰᠢ ᠮᠠᠰᠢ ᠤᠯᠠᠨ ᠰᠢᠨ᠎ᠡ ᠲᠡᠦᠬᠡ ᠶᠢᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠵᠣᠷᠢᠭᠲᠠᠢ ᠬᠢᠵᠦ᠂ ᠨᠡᠩ ᠬᠦᠨᠳᠦ ᠪᠡᠷᠭᠡ

ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠭᠡᠬᠦ ᠬᠡᠷᠡᠭᠲᠡᠢ᠃ 10 ᠵᠢᠯ ᠤᠨ ᠲᠤᠷᠰᠢ᠂ ᠪᠢᠳᠡᠨ ᠳᠤ ᠲᠤᠯᠭᠠᠷᠠᠭᠰᠠᠨ ᠠᠶᠤᠯ ᠲᠦᠭᠰᠢᠭᠦᠷᠢ

ᠥᠷᠢᠰᠥᠯᠳᠦᠭᠡᠨ ᠰᠠᠯᠬᠢ ᠶᠡᠭᠡ ᠳᠠᠪᠠᠯᠭᠠᠨ ᠰᠢᠷᠦᠭᠦᠨ ᠪᠠᠶᠢᠵᠤ᠂ ᠵᠠᠷᠢᠮ ᠦᠶ᠎ᠡ ᠳᠤ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠲᠤᠯᠬᠢᠶᠠᠨ ᠲᠠᠢ ᠪᠠᠶᠢᠵᠤ᠂

ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠵᠠᠯᠭᠠᠭ᠎ᠠ ᠪᠠᠷ ᠲᠤᠯᠭᠠᠷᠠᠵᠤ᠂ ᠲᠡᠭᠦᠨ ᠤ ᠪᠤᠳᠤᠯᠢᠶᠠᠨᠲᠤ ᠴᠢᠨᠠᠷ ᠬᠦᠨᠳᠦ ᠨᠣᠴᠢᠲᠠᠢ ᠴᠢᠨᠠᠷ ᠤᠷᠢᠳ ᠡᠮᠦᠨ᠎ᠡ

ᠪᠠᠶᠢᠭ᠎ᠠ ᠦᠭᠡᠢ ᠶᠤᠮ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠦᠷᠭᠦᠯᠵᠢᠯᠡᠨ ᠪᠠᠶᠢᠯᠳᠤᠪᠠ᠃ ᠮᠠᠨ ᠤ ᠣᠯᠤᠭᠰᠠᠨ

ᠠᠯᠢᠪᠠ ᠠᠮᠵᠢᠯᠲᠠ ᠪᠦᠲᠦᠮᠵᠢ ᠶᠢ ᠪᠣᠯ ᠴᠥᠮ ᠨᠠᠮ ᠪᠠ ᠠᠷᠠᠳ ᠲᠦᠮᠡᠨ ᠬᠠᠮᠲᠤ ᠪᠠᠷ ᠲᠡᠮᠡᠴᠡᠵᠦ ᠪᠠᠶᠢᠭᠠᠳ ᠣᠯᠤᠭᠰᠠᠨ ᠶᠤᠮ ᠭᠡᠵᠤ ᠴᠢᠬᠤᠯᠠᠴᠢᠯᠠᠪᠠ᠃ 

     ᠰᠢ ᠶᠢᠨ ᠫᠢᠩ᠂ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠲᠠᠢ ᠪᠠᠶᠢᠬᠤ ᠪᠣᠯ ᠮᠠᠨ ᠤ ᠨᠠᠮ ᠤᠨ ᠢᠯᠡ ᠲᠣᠳᠣ ᠤᠯᠤᠰ

ᠲᠦᠷᠦ ᠶᠢᠨ ᠬᠡᠪ ᠴᠢᠨᠠᠷ ᠪᠠ ᠬᠦᠴᠦᠷᠬᠡᠭ ᠶᠡᠭᠡ ᠤᠯᠤᠰ ᠲᠦᠷᠦ ᠶᠢᠨ ᠳᠠᠪᠠᠭᠤᠯᠢᠭ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠤᠨ ᠤ ᠤᠴᠢᠷ ᠠᠴᠠ

ᠲᠠᠶᠢᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠤᠨ ᠤ ᠤᠴᠢᠷ ᠠᠴᠠ ᠰᠠᠶᠢᠨ ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ

ᠦᠵᠡᠯ ᠪᠣᠯᠤᠨ᠎ᠠ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ

ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠪᠠ ᠦᠢᠯᠡᠳᠦᠯᠭᠡ ᠶᠢᠨ ᠰᠢᠨ᠎ᠡ ᠬᠥᠭᠵᠢᠯᠲᠡ ᠨᠢ ᠪᠢᠳᠡᠨ ᠤ ᠠᠯᠢ ᠤᠯᠠᠨ ᠴᠢᠬᠤᠯᠠ ᠶᠡᠭᠡ ᠤᠨᠤᠯ ᠤᠨ ᠪᠠ

ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠬᠦ ᠶᠢ ᠲᠤᠯᠭᠠᠮ ᠱᠠᠭᠠᠷᠳᠠᠵᠠᠢ᠃ ᠪᠢᠳᠡ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ

ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠮᠠᠷᠺᠰ ᠤᠨ ᠦᠵᠡᠯ ᠢ ᠳᠤᠮᠳᠠᠳᠤ

ᠤᠯᠤᠰᠴᠢᠯᠠᠬᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠪᠦᠬᠦ ᠨᠠᠮ ᠢᠶᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ

ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠳᠤᠮᠳᠠ ᠮᠠᠷᠺᠰ ᠤᠨ

ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ 

     ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠬᠡᠬᠡᠯᠳᠡ ᠬᠢᠭᠰᠡᠨ ᠠᠴᠠ ᠨᠠᠭᠠᠰᠢᠬᠢ ᠤᠷᠳᠤ

ᠬᠤᠭᠤᠴᠠᠭᠠᠨ ᠤ ᠬᠠᠶᠢᠨ ᠰᠦᠪᠡᠭᠴᠢᠯᠡᠯᠳᠡ ᠪᠣᠯᠤᠨ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠤᠨᠤᠯ

ᠪᠣᠯᠤᠨ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠰᠢᠪᠲᠤᠯᠤᠯᠲᠠ ᠪᠠᠷ ᠳᠠᠮᠵᠢᠨ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ

ᠠᠮᠵᠢᠯᠲᠠ ᠲᠠᠢ ᠠᠬᠢᠭᠤᠯᠵᠤ ᠥᠷᠭᠡᠳᠭᠡᠵᠡᠢ᠃ ᠳᠡᠯᠡᠬᠡᠢ ᠳᠡᠭᠡᠷ᠎ᠡ ᠪᠠᠷᠢᠮᠵᠢᠶᠠᠯᠠᠵᠤ ᠲᠤᠭᠳᠠᠭᠠᠬᠰᠡᠨ ᠣᠳᠣᠬᠢᠴᠢᠯᠠᠯᠲᠠ ᠶᠢᠨ ᠵᠠᠭᠪᠤᠷ ᠭᠡᠵᠦ ᠪᠠᠶᠢᠬᠤ ᠦᠭᠡᠢ ᠪᠦᠭᠡᠳ

ᠬᠠᠮᠢᠭ᠎ᠠ ᠴᠤ ᠬᠡᠤᠨ ᠲᠤᠬᠢᠷᠠᠬᠤ ᠣᠳᠣᠬᠢᠴᠢᠯᠠᠯᠲᠠ ᠶᠢᠨ ᠪᠠᠷᠢᠮᠵᠢᠶ᠎ᠠ ᠴᠤ ᠪᠠᠶᠢᠬᠤ ᠦᠭᠡᠢ ᠶᠤᠮ᠃ ᠪᠢᠳᠡᠨ ᠤ ᠠᠬᠢᠭᠤᠯᠵᠤ ᠪᠠᠶᠢᠭ᠎ᠠ ᠣᠳᠣᠬᠢᠴᠢᠯᠠᠯᠲᠠ ᠪᠣᠯ

ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠲᠦᠭᠵᠢᠮᠡᠯ ᠬᠥᠰᠢᠭᠦᠷᠡᠭᠰᠡᠨ

ᠬᠠᠭᠤᠴᠢᠨ ᠵᠠᠮ ᠢᠶᠠᠷ ᠵᠠᠮᠨᠠᠬᠤ ᠦᠭᠡᠢ ᠪᠦᠭᠡᠳ ᠲᠤᠭ ᠲᠡᠮᠳᠡᠭ ᠢᠶᠠᠨ ᠬᠤᠪᠢᠷᠠᠭᠤᠯᠤᠬᠰᠡᠨ ᠭᠠᠵᠢᠭᠤ ᠵᠠᠮ ᠢᠶᠠᠷ ᠴᠤ ᠵᠠᠮᠨᠠᠬᠤ ᠦᠭᠡᠢ ᠪᠠᠶᠢᠵᠤ᠂ ᠤᠯᠤᠰ ᠣᠷᠣᠨ ᠪᠠ

ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠵᠤ᠂ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠬᠤᠪᠢ

ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠳᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃ 

     ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ

ᠪᠦᠳᠦᠭᠡᠨ ᠪᠠᠶᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ᠂ ᠶᠡᠷᠦᠩᠬᠡᠢ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠪᠣᠯ ᠬᠤᠶᠠᠷ

ᠠᠯᠬᠤᠮ ᠢᠶᠠᠷ ᠶᠠᠪᠤᠬᠤ ᠪᠤᠯᠤᠨ᠎ᠠ᠄ 2020 ᠣᠨ ᠠᠴᠠ 2035 ᠣᠨ ᠪᠣᠯᠲᠠᠯ᠎ᠠ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔

2035 ᠣᠨ ᠠᠴᠠ ᠲᠤᠰ ᠵᠠᠭᠤᠨ ᠤ ᠳᠤᠮᠳᠠᠴᠢ ᠪᠣᠯᠲᠠᠯ᠎ᠠ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ

ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ

ᠬᠤᠷᠠᠯ ᠠᠴᠠ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠠᠯᠬᠤᠮ ᠢᠶᠠᠷ ᠶᠠᠪᠤᠬᠤ ᠪᠠᠶᠢᠯᠳᠤᠬᠤ

ᠪᠤᠳᠤᠯᠭ᠎ᠠ ᠶᠢᠨ ᠲᠤᠬᠢᠷᠠᠭᠤᠯᠤᠯᠳᠠ ᠳᠤ ᠬᠤᠷᠸ᠎ᠠ ᠪᠠᠷᠠᠯᠠᠯ ᠬᠢᠵᠦ᠂ ᠢᠷᠡᠭᠡᠳᠦᠢ ᠶᠢᠨ 5 ᠵᠢᠯ ᠤᠨ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠤᠨ ᠴᠢᠬᠤᠯᠠ ᠶᠡᠭᠡ

ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ᠃ ᠢᠷᠡᠬᠦ 5 ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ

ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠨᠡ 5 ᠵᠢᠯ ᠤᠨ ᠬᠥᠭᠵᠢᠯᠲᠡ ᠶᠢ ᠰᠠᠶᠢᠲᠤᠷ ᠬᠢᠬᠦ ᠨᠢ ᠬᠤᠶᠠᠳᠤᠭᠠᠷ ᠵᠠᠭᠤᠨ ᠵᠢᠯ ᠤᠨ

ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠶᠤᠮ᠃ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠠᠰᠠᠭᠤᠳᠠᠯ ᠢ ᠴᠢᠩᠭ᠎ᠠ

ᠠᠳᠬᠤᠨ ᠰᠢᠢᠳᠪᠦᠷᠢᠯᠡᠵᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ᠂ ᠰᠠᠭᠤᠷᠢ ᠪᠠᠨ ᠪᠠᠬᠢᠵᠢᠭᠦᠯᠬᠦ᠂ ᠳᠠᠪᠠᠭᠤᠯᠢᠭ ᠢᠶᠠᠨ

ᠪᠠᠳᠠᠷᠠᠭᠤᠯᠬᠤ ᠳᠡᠭᠡᠷ᠎ᠡ ᠬᠦᠴᠦ ᠪᠠᠨ ᠲᠠᠯᠪᠢᠵᠤ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠭᠢᠴᠡ᠂ ᠰᠢᠨ᠎ᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ

ᠭᠡᠵᠤ ᠵᠢᠭᠠᠵᠤ ᠭᠠᠷᠭᠠᠪᠠ᠃ 

     ᠰᠢ ᠶᠢᠨ ᠫᠢᠩ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠡᠯ᠎ᠡ

ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠮᠠᠨ ᠤ ᠨᠠᠮ ᠪᠣᠯ ᠳᠡᠯᠡᠬᠡᠢ ᠳᠡᠭᠡᠷᠡᠬᠢ ᠬᠠᠮᠤᠭ ᠤᠨ ᠶᠡᠭᠡ ᠮᠠᠷᠺᠰ ᠤᠨ

ᠦᠵᠡᠯ ᠤᠨ ᠲᠦᠷᠦ ᠪᠠᠷᠢᠭᠴᠢ ᠨᠠᠮ ᠮᠥᠨ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠪᠠᠶᠢᠷᠢ ᠰᠠᠭᠤᠷᠢ ᠪᠠᠨ ᠪᠠᠬᠢᠵᠢᠭᠦᠯᠵᠦ᠂ ᠢᠮᠠᠭᠲᠠ ᠠᠷᠠᠳ ᠲᠦᠮᠡᠨ ᠤ

ᠴᠢᠩ ᠰᠡᠳᠭᠢᠯ ᠤᠨ ᠬᠦᠷᠢᠶᠡᠯᠡᠯ ᠢ ᠤᠯᠬᠤ ᠭᠡᠪᠡᠯ ᠡᠷᠬᠡᠪᠰᠢ ︽ᠰᠢᠯᠭᠠᠯᠲᠠ ᠳᠤ ᠣᠷᠣᠯᠴᠠᠬᠤ︾ ᠰᠡᠷᠭᠡᠭ ᠴᠢᠨᠠᠷ ᠪᠤᠯᠤᠨ ᠡᠷᠡᠰ ᠪᠠᠲᠤ ᠪᠠᠨ ᠦᠨᠢᠳᠡ ᠬᠠᠳᠠᠭᠠᠯᠠᠬᠤ

ᠬᠡᠷᠡᠭᠲᠡᠢ᠃ ᠪᠦᠬᠦ ᠨᠠᠮ ᠢᠶᠠᠷ ᠢᠶᠠᠨ᠂ ᠨᠠᠮ ᠳᠤ ᠲᠤᠯᠭᠠᠷᠠᠵᠤ ᠪᠠᠶᠢᠭ᠎ᠠ ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠳᠡ ᠶᠢᠨ ᠰᠢᠯᠭᠠᠯᠲᠠ᠂ ᠵᠠᠬ᠎ᠠ

ᠳᠡᠯᠭᠡᠭᠦᠷ ᠤᠨ ᠠᠵᠤ ᠠᠬᠤᠢ ᠶᠢᠨ ᠰᠢᠯᠭᠠᠯᠲᠠ᠂ ᠭᠠᠳᠠᠭᠠᠳᠤ ᠣᠷᠴᠢᠨ ᠨᠥᠬᠦᠴᠡᠯ ᠤᠨ ᠰᠢᠯᠭᠠᠯᠲᠠ ᠤᠷᠳᠤ ᠬᠤᠭᠤᠴᠠᠭ᠎ᠠ ᠪᠠᠷ ᠣᠷᠣᠰᠢᠵᠤ᠂ ᠵᠤᠷᠢᠬ ᠰᠠᠨᠠᠭ᠎ᠠ

ᠴᠦᠬᠦᠷᠡᠬᠦ ᠲᠦᠭᠰᠢᠭᠦᠷᠢ᠂ ᠴᠢᠳᠠᠯ ᠴᠢᠳᠡᠪᠤᠷᠢ ᠮᠡᠬᠦᠰᠳᠡᠬᠦ ᠲᠦᠭᠰᠢᠭᠦᠷᠢ᠂ ᠤᠯᠠᠨ ᠳᠦᠮᠡᠨ ᠠᠴᠠ ᠰᠠᠯᠤᠩᠬᠢᠷᠠᠬᠤ ᠲᠦᠭᠰᠢᠭᠦᠷᠢ᠂ ᠨᠠᠵᠠᠭᠠᠶᠢᠷᠠᠨ ᠢᠯᠵᠠᠷᠠᠬᠤ

ᠲᠦᠭᠰᠢᠭᠦᠷᠢ ᠤᠷᠳᠤ ᠬᠤᠭᠤᠴᠠᠭ᠎ᠠ ᠪᠠᠷ ᠣᠷᠣᠰᠢᠵᠤ ᠪᠠᠶᠢᠨ᠎ᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠡᠭᠦᠷᠢᠳᠡ ᠵᠤᠬᠰᠤᠰᠢ ᠦᠭᠡᠢ᠂ ᠨᠠᠮ ᠤᠨ

ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠳᠠᠯ ᠡᠭᠦᠷᠢᠳᠡ ᠵᠤᠬᠰᠤᠰᠢ ᠦᠭᠡᠢ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ

ᠵᠠᠰᠠᠬᠤ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠰᠤᠯᠠᠷᠠᠭᠤᠯᠤᠯ ᠦᠭᠡᠢ ᠴᠢᠩᠭ᠎ᠠ ᠠᠳᠬᠤᠵᠤ

᠂ ᠶᠠᠭᠠᠬᠢᠭᠰᠠᠨ ᠴᠤ ᠰᠤᠯᠠᠷᠠᠨ ᠠᠮᠤᠰᠭᠢᠵᠦ᠂ ᠶᠠᠳᠠᠷᠠᠵᠤ ᠵᠦᠳᠡᠷᠡᠨ ᠬᠠᠯᠠᠰᠢᠷᠠᠬᠤ ᠰᠡᠳᠭᠢᠯᠭᠡ ᠪᠠᠶᠢᠵᠤ ᠪᠣᠯᠬᠤ ᠦᠭᠡᠢ᠂ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ

ᠠᠬᠢᠭᠤᠯᠵᠤ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠦᠳᠦᠯᠥᠨ ᠳᠠᠭᠠᠭᠤᠯᠬᠤ ᠬᠡᠷᠡᠭᠲᠡᠢ ᠭᠡᠵᠦ ᠦᠢᠯᠡᠳᠦᠯᠭᠡ ᠪᠢᠳᠡᠨ ᠳᠤ

ᠠᠬᠢᠨ ᠲᠠᠬᠢᠨ ᠰᠡᠷᠡᠮᠵᠢᠯᠡᠭᠦᠯᠵᠦ ᠪᠠᠶᠢᠨ᠎ᠠ ᠭᠡᠵᠦ ᠴᠢᠬᠤᠯᠠᠴᠢᠯᠠᠪᠠ᠃ 

     ᠰᠢ ᠶᠢᠨ ᠫᠢᠩ᠂ ᠤᠷᠤᠭᠰᠢᠯᠠᠯᠲᠠ ᠶᠢᠨ ᠵᠠᠮ ᠳᠡᠭᠡᠷ᠎ᠡ᠂ ᠪᠦᠬᠦ ᠨᠠᠮ ᠢᠶᠠᠷ ᠢᠶᠠᠨ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ

ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠣᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ

ᠲᠦᠮᠡᠨ ᠤ ᠤᠤᠭᠠᠯ ᠪᠦᠲᠦᠭᠡᠯᠴᠢ ᠵᠣᠷᠢᠭ ᠰᠠᠨᠠᠭ᠎ᠠ ᠶᠢ ᠬᠦᠨᠳᠦᠳᠭᠡᠵᠦ᠂ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ

ᠠᠷᠠᠳ ᠲᠦᠮᠡᠨ ᠢ ᠲᠦᠰᠢᠭᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠠᠴᠠ ᠢᠷᠡᠵᠦ᠂ ᠤᠯᠠᠨ ᠲᠦᠮᠡᠨ ᠤ ᠳᠤᠮᠳᠠ ᠬᠦᠷᠴᠦ᠂ ᠢᠮᠠᠭᠲᠠ ᠠᠷᠠᠳ

ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ

ᠲᠦᠮᠡᠨ ᠲᠠᠢ ᠠᠮᠢᠰᠬᠤᠭ᠎ᠠ ᠪᠠᠨ ᠨᠢᠭᠡᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠭᠢᠯ ᠵᠢᠷᠦᠬᠡ ᠪᠠᠨ ᠬᠤᠯᠪᠣᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠯᠢ ᠺᠧ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠮᠠᠰᠢ ᠴᠢᠬᠤᠯᠠ ᠶᠠᠷᠢᠶ᠎ᠠ ᠲᠠᠯᠪᠢᠵᠥ᠂ ᠣᠳᠣᠬᠠᠨ ᠤ

ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠥᠩᠭᠡᠷᠡᠭᠰᠡᠨ 5 ᠵᠢᠯ ᠤᠨ ᠠᠵᠢᠯ ᠪᠣᠯᠤᠨ ᠰᠢᠨ᠎ᠡ ᠴᠠᠭ

ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠥ᠂ ᠰᠢᠨ᠎ᠡ ᠴᠠᠭ ᠦᠶ᠎ᠠ ᠳᠤ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠥ

᠂ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠣᠳᠣᠯᠭ᠎ᠠ ᠴᠢᠭᠯᠡᠯᠲᠡ ᠪᠠ ᠠᠵᠢᠯᠯᠠᠭᠠᠨ ᠤ

ᠬᠥᠲᠥᠯᠪᠦᠷᠢ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠤᠨᠤᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠥ᠂

ᠪᠦᠬᠦ ᠨᠠᠮ ᠤᠨ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ᠂ ᠤᠯᠠᠮ ᠴᠢᠨᠠᠬᠰᠢᠳᠠ ︽ᠳᠥᠷᠪᠡᠨ

ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠮᠠᠰᠢ ᠴᠢᠬᠤᠯᠠ ᠠᠴᠢ

ᠬᠤᠯᠪᠣᠭᠳᠠᠯ ᠲᠠᠢ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ

ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠭᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠭᠡᠵᠦ᠂

ᠢᠲᠡᠭᠡᠯ ᠵᠣᠷᠢᠭ ᠢᠶᠠᠨ ᠪᠠᠲᠤᠳᠬᠠᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ

ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ

ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ 

     ᠸᠠᠩ ᠬᠤ᠋ ᠨᠢᠩ ᠰᠤᠷᠤᠯᠭ᠎ᠠ ᠲᠡᠭᠦᠰᠭᠦ ᠶᠣᠰᠣᠯᠠᠯ ᠳᠡᠭᠡᠷ᠎ᠡ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ

ᠶᠠᠷᠢᠶ᠎ᠠ ᠨᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ

ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠤᠯᠠᠨ ᠢᠶᠠᠷ ᠢᠶᠠᠨ ᠰᠤᠷᠤᠯᠴᠠᠯᠭ᠎ᠠ ᠪᠠᠷ ᠳᠠᠮᠵᠢᠨ ᠪᠠᠶᠢᠯᠳᠤᠬᠤ ᠪᠤᠳᠤᠯᠭ᠎ᠠ ᠶᠢᠨ ᠢᠲᠡᠭᠡᠯ ᠢᠶᠠᠨ ᠪᠠᠲᠤᠳᠬᠠᠵᠤ

᠂ ᠪᠠᠶᠢᠯᠳᠤᠬᠤ ᠪᠤᠳᠤᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ᠂ ᠢᠲᠡᠭᠡᠯ ᠵᠣᠷᠢᠭ ᠲᠡᠮᠡᠴᠡᠯ ᠤᠨ ᠵᠣᠷᠢᠭ ᠢᠶᠠᠨ ᠴᠢᠩᠭᠠᠳᠬᠠᠪᠠ᠃ ᠶᠡᠷᠦᠩᠬᠡᠶ ᠱᠦᠵᠢ ᠰᠢ ᠶᠢᠨ

ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ

ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ

ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠭᠤᠶᠢᠪᠢᠰᠢ ᠥᠬᠡᠶ ᠬᠠᠮᠠᠭᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠤᠶᠢᠯᠠᠭᠠᠨ ᠪᠣᠳᠠᠲᠠᠶᠢᠵᠢᠭᠤᠯᠵᠤ᠂

ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ

ᠥᠬᠡᠶ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ 

     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ

ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ

ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠰᠤᠷᠤᠯᠭ᠎ᠠ

ᠡᠬᠢᠯᠡᠬᠦ ᠶᠣᠰᠣᠯᠠᠯ ᠳᠤ ᠣᠷᠣᠯᠴᠠᠪᠠ᠃ 

     ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ

ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠭᠤᠣᠯ

ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠡᠯ᠎ᠡ ᠶᠡᠭᠡ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ

ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠬᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ

᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ

ᠰᠤᠯᠠ ᠣᠷᠣᠯᠴᠠᠵᠠᠢ᠃ ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 27 ᠤ ᠴᠠᠬᠢᠯᠭᠠᠨ ᠮᠡᠳᠡᠭᠡ︶ 

  

ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ