ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢᠨ ᠲᠤᠰᠬᠠᠢ ᠴᠡᠭᠴᠡᠯᠡᠨ ᠵᠠᠰᠠᠯᠲᠠ ᠢᠷᠡᠯ᠎ᠡ︕ ᠶᠠᠭᠤ ᠶᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠪᠤᠢ︖ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/7/8
       ᠲᠦᠷᠦ ᠶᠢᠨ ᠪᠣᠳᠣᠯᠭ᠎ᠠ Q&A      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠶᠠᠪᠤᠳᠠᠯ ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠬᠦ ᠪᠠᠷ ᠰᠢᠢᠳᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 6 ᠳ᠋ᠤᠭᠠᠷ ᠰᠠᠷ᠎ᠠ ᠶᠢᠨ 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠰᠣᠨᠢᠨ ᠮᠡᠳᠡᠭᠡᠨ ᠤ ᠵᠤᠷᠰᠢᠯᠲᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠶᠠᠮᠠᠷ ᠶᠠᠮᠠᠷ ᠬᠦᠷᠢᠶ᠎ᠡ ᠶᠢ ᠴᠡᠭᠴᠡᠯᠡᠨ ᠵᠠᠰᠠᠬᠤ ᠪᠣᠢ︖ ᠴᠡᠭᠴᠡᠯᠡᠨ ᠵᠠᠰᠠᠬᠤ ᠭᠤᠣᠯᠳᠠᠯᠭ᠎ᠠ ᠨᠢ ᠶᠠᠭᠤ ᠪᠣᠶ︖ ᠬᠠᠮᠲᠤ ᠪᠠᠷ ᠢᠶᠠᠨ ᠠᠩᠬᠠᠷᠴᠠᠭᠠᠶ᠎ᠠ︕       Q1       Q᠄ ᠡᠨᠡ ᠵᠢᠯ ᠤᠨ ᠥᠷᠨᠢᠭᠦᠯᠦᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠠᠵᠢᠯ ᠨᠢ ᠥᠩᠭᠡᠷᠡᠭᠰᠡᠨ ᠵᠢᠯ ᠤᠳ ᠠᠴᠠ ᠶᠠᠮᠠᠷ ᠢᠯᠭᠠᠭ᠎ᠠ ᠲᠠᠢ ᠪᠣᠶ︖      A᠄ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠲᠣᠰ ᠤᠳᠠᠭᠠᠨ ᠤ ᠠᠵᠢᠯᠯᠠᠭ᠎ᠠ ᠨᠢ 4 ᠲᠣᠪᠤᠶᠢᠮ᠎ᠠ ᠣᠨᠴᠠᠯᠢᠭ ᠲᠠᠢ᠄       ᠨᠢᠭᠡ ᠳᠤ᠂ ᠴᠡᠭᠴᠡᠯᠡᠨ ᠵᠠᠰᠠᠬᠤ ᠳᠤ ᠬᠤᠯᠪᠣᠭᠳᠠᠭᠰᠠᠨ ᠠᠭᠤᠯᠭ᠎ᠠ ᠨᠢ ᠨᠡᠩ ᠥᠷᠭᠡᠳᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠢ ᠴᠡᠭᠴᠡᠯᠡᠨ ᠵᠠᠰᠠᠬᠤ ᠪᠠᠷ ᠪᠠᠷᠠᠬᠤ ᠦᠭᠡᠢ ᠤᠯᠤᠰ ᠪᠠ ᠡᠯ᠎ᠡ ᠭᠠᠵᠠᠷ ᠤᠨ ᠨᠡᠶᠢᠲᠡᠯᠡᠭᠰᠡᠨ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠨ᠎ᠠ᠃       ᠬᠤᠶᠠᠷ ᠲᠤ᠂ ᠬᠠᠮᠵᠢᠯᠴᠠᠨ ᠵᠠᠰᠠᠬᠤ ᠶᠢ ᠨᠡᠩ ᠴᠢᠬᠤᠯᠠᠴᠢᠯᠠᠪᠠ᠃ ᠠᠵᠢᠯ ᠤᠨ ᠳᠤᠮᠳᠠ ᠪᠠᠨ ᠡᠯ᠎ᠡ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠬᠤᠯᠠᠴᠢᠯᠠᠵᠤ᠂ ᠬᠦᠷᠢᠶ᠎ᠡ ᠴᠠᠷᠠᠭ᠎ᠠ ᠪᠠ ᠭᠠᠵᠠᠷ ᠣᠷᠣᠨ ᠬᠤᠪᠢᠶᠠᠨ ᠥᠪᠡᠷ ᠢ ᠪᠠᠨ ᠪᠠᠶᠢᠴᠠᠭᠠᠬᠤ᠂ ᠬᠠᠮᠲᠤᠷᠠᠨ ᠰᠤᠭᠤᠴᠢᠨ ᠪᠠᠶᠢᠴᠠᠭᠠᠬᠤ ᠵᠡᠷᠭᠡ ᠠᠷᠭ᠎ᠠ ᠪᠠᠷ ᠶᠡᠷᠦᠩᠬᠡᠶᠢᠯᠡᠨ ᠴᠡᠭᠴᠡᠯᠡᠨ ᠵᠠᠰᠠᠵᠤ᠂ ᠢᠯᠡᠷᠡᠭᠦᠯᠦᠭᠰᠡᠨ ᠠᠰᠠᠭᠤᠳᠠᠯ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠪᠠᠷ ᠬᠤᠯᠪᠤᠭᠠᠯᠠᠨ ᠵᠠᠯᠬᠠᠭᠠᠵᠤ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃       ᠭᠤᠷᠪᠠ ᠳᠤ᠂ ᠨᠡᠶᠢᠭᠡᠮ ᠤᠨ ᠬᠢᠨᠠᠯᠲᠠ ᠶᠢ ᠨᠡᠩ ᠴᠢᠬᠤᠯᠠᠴᠢᠯᠠᠪᠠ᠃ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠤᠬᠠᠢ ᠤᠬᠠᠭᠤᠯᠭ᠎ᠠ ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠦᠨ᠂ ᠰᠠᠨᠠᠭᠠᠴᠢᠯᠠᠭ᠎ᠠ ᠠᠴᠠ ᠪᠠᠨ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃ ᠢᠯᠡᠴᠢᠯᠡᠨ ᠮᠡᠳᠡᠭᠦᠯᠬᠦ ᠲᠤᠰᠬᠠᠢ ᠱᠤᠭᠤᠮ ᠭᠠᠷᠭᠠᠬᠤ ᠪᠠᠷ ᠳᠠᠮᠵᠢᠭᠤᠯᠤᠨ᠂ ᠵᠠᠭᠤᠴᠢᠯᠠᠭᠤᠷ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠢᠯᠡ ᠪᠠᠷ ᠢᠯᠡᠴᠢᠯᠡᠬᠦ ᠵᠡᠷᠭᠡ ᠶᠢ ᠵᠣᠬᠢᠶᠠᠨ ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠳᠤ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠣᠶ ᠪᠣᠯᠭᠠᠵᠤ᠂ ᠰᠦᠢᠳᠬᠡᠯ ᠬᠤᠷᠢᠶᠠᠬᠤ ᠭᠤᠣᠯ ᠴᠣᠭᠴᠠ ᠶᠢᠨ ᠰᠦᠢᠳᠬᠡᠯ ᠬᠤᠷᠢᠶᠠᠬᠤ ᠦᠶ᠋ᠯᠡ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠬᠤ ᠶᠢ ᠠᠬᠢᠭᠤᠯᠤᠨ᠎ᠠ᠃       ᠳᠥᠷᠪᠡ ᠳᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠶᠢ ᠨᠡᠩ ᠴᠢᠬᠤᠯᠠᠴᠢᠯᠠᠪᠠ᠃ ᠴᠡᠭᠴᠡᠯᠡᠨ ᠵᠠᠰᠠᠬᠤ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠢᠵᠠᠭᠠᠷ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠭᠠᠭᠴᠠᠭᠠᠷ ᠡᠵᠡᠮᠰᠢᠯ ᠢ ᠡᠪᠳᠡᠵᠦ᠂ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠵᠡᠷᠭᠡ ᠬᠤᠯᠪᠣᠭᠳᠠᠯ ᠪᠦᠬᠦᠢ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ ᠠᠰᠢᠭᠯᠠᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠵᠠᠰᠠᠭ ᠵᠠᠬᠢᠷᠭᠠᠨ ᠤ ᠨᠥᠯᠥᠭᠡᠯᠡᠬᠦ ᠬᠦᠴᠦᠨ ᠢ ᠠᠰᠢᠭᠯᠠᠨ ᠰᠦᠢᠳᠬᠡᠯ ᠬᠤᠷᠢᠶᠠᠬᠤ ᠶᠢ ᠠᠯᠪᠠᠳᠠᠯᠭ᠎ᠠ ᠪᠠᠷ ᠥᠳᠥᠭᠡᠨ ᠲᠠᠲᠠᠬᠤ ᠵᠡᠷᠭᠡ ᠦᠶ᠋ᠯᠡ ᠠᠵᠢᠯᠯᠠᠭ᠎ᠠ ᠶᠢ ᠦᠨᠳᠦᠰᠦᠨ ᠠᠴᠠ ᠨᠢ ᠬᠤᠷᠢᠭᠯᠠᠨ ᠲᠠᠰᠤᠯᠤᠨ᠎ᠠ᠃       Q2       Q᠄ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠬᠦᠷᠢᠶ᠎ᠡ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠨᠢ ᠶᠠᠭᠤ ᠪᠤᠶ︖      A᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠲᠦᠭᠰᠢᠭᠦᠷᠢᠲᠦ ᠴᠡᠭ ᠢ ᠪᠦᠬᠦ ᠲᠠᠯ᠎ᠠ ᠪᠠᠷ ᠡᠮᠬᠢᠯᠡᠨ ᠵᠠᠳᠠᠯᠵᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠢ ᠴᠢᠩᠭ᠎ᠠ ᠠᠩᠬᠠᠷᠴᠤ᠂ ᠤᠰᠤᠨ ᠲᠡᠭᠡᠭᠡᠪᠦᠷᠢ᠂ ᠵᠠᠰᠠᠮᠠᠯ ᠵᠠᠮ᠂ ᠠᠭᠠᠷ ᠠᠶᠠᠯᠠᠯ᠂ ᠲᠡᠮᠦᠷ ᠵᠠᠮ ᠵᠡᠷᠭᠡ ᠬᠦᠷᠢᠶᠡᠨ ᠳᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠨᠢᠭᠡᠨᠲᠡ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠᠷ ᠲᠣᠳᠣᠷᠬᠠᠢ ᠵᠠᠷᠯᠢᠭᠳᠠᠭᠰᠠᠨ ᠪᠠᠶᠢᠲᠠᠯ᠎ᠠ ᠳᠠᠬᠢᠨ ᠰᠦᠢᠳᠬᠡᠯ ᠬᠤᠷᠢᠶᠠᠬᠤ ᠪᠤᠶᠤ ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ ᠲᠣᠭᠲᠠᠭᠠᠯ ᠠᠴᠠ ᠵᠠᠶᠢᠯᠠᠰᠬᠢᠨ ᠲᠥᠷᠥᠯ ᠵᠦᠢᠯ ᠢ ᠰᠠᠯᠭᠠᠵᠤ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠭᠠᠷᠴᠠᠭ ᠪᠤᠶᠤ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠭᠰᠡᠨ ᠳᠦᠷᠢᠮ ᠢ ᠦᠯᠦ ᠬᠡᠷᠡᠭᠵᠢᠭᠦᠯᠬᠦ᠂ ᠬᠢᠵᠢᠭ ᠢ ᠰᠡᠷᠭᠡᠶᠢᠯᠡᠬᠦ ᠨᠡᠷ᠎ᠡ ᠪᠠᠷ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠠᠴᠠ ᠰᠦᠢᠳᠬᠡᠯ ᠬᠤᠷᠢᠶᠠᠬᠤ ᠪᠤᠶᠤ ᠠᠯᠪᠠᠳᠠᠯᠭ᠎ᠠ ᠪᠠᠷ ᠲᠡᠰᠬᠡᠨ ᠲᠠᠲᠠᠪᠤᠷᠢᠯᠠᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠰᠡᠷᠭᠡᠶᠢᠯᠡᠨ ᠬᠢᠵᠠᠭᠠᠷᠯᠠᠨ᠎ᠠ᠃       Q3       Q᠄ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ ᠶᠢᠨ ᠬᠦᠷᠢᠶ᠎ᠡ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠨᠢ ᠶᠠᠭᠤ ᠪᠤᠢ︖       A᠄ ᠰᠦᠢᠳᠬᠡᠯ ᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠵᠦ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠭᠰᠠᠨ ᠦᠭᠡᠢ᠂ ᠦᠨ᠎ᠡ ᠪᠠᠭᠤᠷᠠᠭᠤᠯᠵᠤ ᠥᠭᠡᠷᠡᠲᠦᠭᠦᠯᠬᠦ ᠠᠷᠭ᠎ᠠ ᠪᠠᠷ ᠰᠦᠢᠳᠬᠡᠯ ᠢ ᠪᠠᠭᠤᠷᠠᠭᠤᠯᠵᠤ ᠳᠠᠷᠤᠭᠠᠰᠤ ᠶᠢ ᠬᠥᠩᠭᠡᠷᠡᠭᠦᠯᠬᠦ ᠠᠰᠢᠭ ᠣᠯᠵᠠᠪᠤᠷᠢ ᠶᠢ ᠱᠠᠮᠰᠢᠬᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠴᠠᠭ ᠲᠤᠬᠠᠢ ᠳᠤ ᠨᠢ ᠪᠦᠲᠦᠮᠵᠢᠲᠡᠶ ᠬᠦᠷᠲᠡᠭᠡᠭᠰᠡᠨ ᠦᠭᠡᠢ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠰᠦᠢᠳᠬᠡᠯ ᠬᠤᠷᠢᠶᠠᠬᠤ ᠰᠠᠭᠤᠷᠢ ᠮᠥᠩᠭᠦ ᠶᠢᠨ ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠠᠴᠠ ᠵᠥᠷᠢᠴᠡᠨ ᠥᠪᠡᠰᠦᠪᠡᠨ ᠨᠡᠷ᠎ᠡ ᠵᠢᠭᠠᠵᠤ ᠰᠦᠢᠳᠬᠡᠯ ᠬᠤᠷᠢᠶᠠᠬᠤ᠂ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠬᠦ᠂ ᠲᠠᠲᠠᠪᠤᠷᠢᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠶᠢ ᠴᠢᠩᠭ᠎ᠠ ᠴᠠᠭᠠᠵᠠᠯᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠦᠴᠦᠨ ᠦᠭᠡᠢ ᠪᠣᠯᠭᠠᠭᠰᠠᠨ᠂ ᠲᠠᠲᠠᠪᠤᠷᠢᠯᠠᠬᠤ ᠶᠢ ᠵᠣᠭᠰᠣᠭᠠᠭᠰᠠᠨ᠂ ᠲᠠᠲᠠᠪᠤᠷᠢᠯᠠᠬᠤ ᠶᠢ ᠬᠡᠯᠲᠦᠷᠢᠭᠦᠯᠬᠦ ᠪᠠ ᠲᠠᠲᠠᠪᠤᠷᠢᠯᠠᠬᠤ ᠪᠠᠷᠢᠮᠵᠢᠶ᠎ᠠ ᠶᠢ ᠪᠠᠭᠤᠷᠠᠭᠤᠯᠤᠭᠰᠠᠨ ᠰᠦᠢᠳᠬᠡᠯ ᠬᠤᠷᠢᠶᠠᠬᠤ ᠰᠠᠭᠤᠷᠢ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠬᠠᠷᠢᠶ᠎ᠠ ᠨᠢᠭᠡᠴᠢ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠥᠪ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠰᠢᠮᠳᠠᠭᠤᠯᠤᠨ ᠵᠢᠯᠣᠭᠤᠳᠴᠤ᠂ ᠲᠣᠭᠲᠠᠭᠠᠯ ᠠᠴᠠ ᠵᠥᠷᠢᠴᠡᠨ ᠪᠠᠭᠤᠯᠭᠠᠭᠰᠠᠨ ᠣᠷᠣᠯᠭ᠎ᠠ ᠶᠢᠨ ᠬᠠᠷᠠᠯᠲᠠᠲᠤ ᠡᠭᠦᠷᠭᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠡᠳ᠋ ᠤᠨ ᠵᠠᠰᠠᠭ ᠤᠨ ᠵᠠᠷᠤᠯᠭ᠎ᠠ ᠭᠠᠷᠭᠠᠬᠤ ᠠᠷᠭ᠎ᠠ ᠪᠠᠷ ᠠᠵᠤ ᠠᠬᠤᠶᠢᠯᠠᠯ ᠤᠨ ᠲᠤᠰᠢᠶᠠᠬᠤ ᠭᠠᠶᠢᠯᠢ ᠰᠦᠢᠳᠬᠡᠯ ᠯᠦᠭᠡ ᠬᠤᠯᠪᠣᠭᠳᠠᠭᠤᠯᠤᠭᠰᠠᠨ ᠡᠭᠡᠭᠦᠯᠦᠨ ᠪᠤᠴᠠᠭᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠨᠡᠷ᠎ᠡ ᠪᠠᠷ ᠭᠠᠶᠢᠯᠢ ᠰᠦᠢᠳᠬᠡᠯ ᠢ ᠬᠡᠲᠦᠷᠡᠲᠡᠯ᠎ᠡ ᠲᠠᠲᠠᠪᠤᠷᠢᠯᠠᠬᠤ᠂ ᠠᠰᠢᠭ ᠬᠥᠭᠡᠭᠡᠴᠡᠯᠳᠦᠬᠦ ᠮᠠᠶ᠋ᠢᠭ ᠢᠶᠠᠷ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠳᠡᠭᠦᠯᠦᠨ ᠲᠡᠰᠬᠡᠨ ᠲᠠᠲᠠᠪᠤᠷᠢᠯᠠᠬᠤ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠦᠨᠳᠦᠷᠡᠭᠦᠯᠬᠦ ᠠᠵᠢᠯᠯᠠᠭ᠎ᠠ ᠶᠢ ᠲᠥᠪᠯᠡᠷᠡᠭᠦᠯᠦᠨ ᠪᠠᠶᠢᠴᠠᠭᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠵᠡᠷᠭᠡ ᠠᠰᠠᠭᠤᠳᠠᠯ ᠢ ᠡᠷᠡᠰ ᠴᠠᠭᠠᠵᠠᠯᠠᠨ᠎ᠠ᠃       ᠡᠭᠦᠨ ᠤ ᠵᠡᠷᠭᠡ ᠳᠤ ᠡᠯ᠎ᠡ ᠭᠠᠵᠠᠷ ᠤᠨ ᠬᠢᠨ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠡᠯᠪᠡᠷᠢ ᠶᠢ ᠨᠢ ᠥᠭᠡᠷᠡᠲᠦᠭᠦᠯᠦᠨ ᠦᠯᠡᠳᠡᠭᠡᠨ ᠠᠪᠬᠤ ᠵᠡᠷᠭᠡ ᠠᠰᠠᠭᠤᠳᠠᠯ ᠤᠨ ᠲᠣᠭᠤᠷᠢᠨ ᠳᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃       Q4      Q᠄ ᠮᠥᠩᠭᠦᠨ ᠭᠦᠢᠯᠭᠡᠭᠡᠨ ᠤ ᠬᠦᠷᠢᠶᠡᠨ ᠳᠠᠬᠢ ᠴᠡᠭᠴᠡᠯᠡᠨ ᠵᠠᠰᠠᠯᠲᠠ ᠶᠢᠨ ᠭᠤᠣᠯᠳᠠᠯᠭ᠎ᠠ ᠨᠢ ᠶᠠᠭᠤ ᠪᠤᠶ︖       A᠄ ᠲᠤᠰ ᠤᠳᠠᠭᠠᠨ ᠤ ᠠᠵᠢᠯ ᠲᠥᠷᠥᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ ︽ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠢᠯᠡᠳᠬᠡᠯ ᠤᠨ ᠦᠢᠯᠡᠰ᠂ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠦᠢᠯᠡᠴᠢᠯᠡᠭᠡᠨ ᠤ ᠠᠵᠢᠯ ᠲᠥᠷᠥᠯ ᠵᠡᠷᠭᠡ ᠬᠦᠷᠢᠶ᠎ᠡ ᠵᠢᠴᠢ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠤᠣᠯᠳᠠᠯᠭ᠎ᠠ ᠲᠠᠢ ᠬᠠᠮᠤᠷᠴᠤ᠂ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ᠂ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭ᠎ᠠ᠂ ᠢᠲᠡᠭᠡᠮᠵᠢᠲᠦ ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ ᠬᠠᠮᠢᠶ᠎ᠠ ᠪᠦᠬᠦᠢ ᠰᠦᠢᠳᠬᠡᠯ ᠬᠤᠷᠢᠶᠠᠬᠤ ᠵᠦᠢᠯᠡᠰ᠂ ᠬᠠᠮᠲᠤᠷᠠᠯᠴᠠᠭᠠᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ 25 ᠵᠦᠢᠯ ᠤᠨ ᠴᠡᠭᠴᠡᠯᠡᠨ ᠵᠠᠰᠠᠬᠤ ᠭᠤᠣᠯᠳᠠᠯᠭ᠎ᠠ ᠶᠢ ᠲᠣᠳᠣᠷᠬᠠᠶᠢᠯᠠᠵᠤ᠂ ᠦᠢᠯᠡᠴᠢᠯᠡᠭᠡᠨ ᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠨᠡᠶᠢᠲᠡᠯᠡᠭᠰᠡᠨ ᠦᠭᠡᠢ ᠂ ᠦᠢᠯᠡᠴᠢᠯᠡᠭᠡᠨ ᠤ ᠦᠨ᠎ᠡ ᠬᠠᠩᠰᠢ ᠶᠢᠨ ᠵᠠᠷᠯᠠᠨ ᠨᠡᠶᠢᠲᠡᠯᠡᠭᠰᠡᠨ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠭᠰᠠᠨ᠂ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠢ ᠪᠤᠶᠤ ᠴᠥᠭᠡᠨ ᠦᠢᠯᠡᠴᠢᠯᠡᠬᠦ᠂ ᠳᠠᠪᠠᠭᠤᠯᠢᠭ ᠪᠠᠶᠢᠷᠢ ᠰᠠᠭᠤᠷᠢ ᠪᠠᠨ ᠠᠰᠢᠭᠯᠠᠨ ᠪᠠᠩᠬᠢ ᠶᠢᠨ ᠡᠭᠦᠷᠭᠡᠯᠡᠬᠦ ᠶᠣᠰᠣᠲᠠᠢ ᠰᠦᠢᠳᠬᠡᠯ ᠢ ᠰᠢᠯᠵᠢᠭᠦᠯᠦᠨ ᠲᠣᠬᠤᠬᠤ᠂ ᠵᠢᠭᠡᠯᠡᠯᠭᠡ ᠪᠠᠷ ᠮᠥᠩᠭᠦᠨ ᠭᠦᠢᠯᠭᠡᠭᠡᠨ ᠤ ᠨᠡᠷᠡᠳᠬᠦᠨ ᠪᠤᠶᠤ ᠦᠢᠯᠡᠴᠢᠯᠡᠭᠡ ᠶᠢ ᠠᠯᠪᠠᠳᠠᠯᠭ᠎ᠠ ᠪᠠᠷ ᠪᠣᠭᠤᠵᠢᠯᠠᠭᠰᠠᠨ᠂ ᠡᠯ᠎ᠡ ᠵᠦᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠵᠢᠴᠢ ᠦᠢᠯᠡᠴᠢᠯᠡᠭᠡᠨ ᠤ ᠬᠠᠮᠲᠤᠷᠠᠯᠴᠠᠭᠠᠨ ᠤ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃       Q5       Q᠄ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ ᠬᠦᠷᠢᠶ᠎ᠡ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠨᠢ ᠶᠠᠭᠤ ᠪᠤᠶ︖       A᠄ ᠠᠷᠠᠳ ᠤᠨ ᠶᠠᠪᠤᠳᠠᠯ ᠤᠨ ᠶᠠᠮᠤᠨ ᠨᠢᠳᠤᠨᠤᠨ ᠤ ᠥᠷᠨᠢᠭᠦᠯᠦᠭᠰᠡᠨ ᠲᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ ᠶᠢ ᠡᠷᠭᠢᠨ ᠪᠤᠴᠠᠵᠤ ᠬᠠᠷᠠᠬᠤ ᠪᠠᠷ ᠪᠡᠯᠡᠳᠬᠡᠵᠦ᠂ ᠠᠯᠪᠠᠳᠠᠯᠭ᠎ᠠ ᠪᠠᠷ ᠰᠦᠢᠳᠬᠡᠯ ᠬᠤᠷᠢᠶᠠᠬᠤ᠂ ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ᠂ ᠵᠢᠷᠤᠮᠵᠢᠭᠤᠨ ᠪᠤᠰᠤ ᠪᠠᠷ ᠰᠦᠢᠳᠬᠡᠯ ᠬᠤᠷᠢᠶᠠᠬᠤ ᠵᠡᠷᠭᠡ ᠳᠥᠷᠪᠡᠨ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠢ ᠦᠷᠭᠦᠯᠵᠢᠯᠡᠨ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ ᠰᠦᠢᠳᠬᠡᠯ ᠤᠨ ᠪᠠᠷᠢᠮᠵᠢᠶ᠎ᠠ ᠶᠢ ᠲᠣᠭᠲᠠᠭᠠᠬᠤ ᠪᠠ ᠬᠤᠷᠢᠶᠠᠬᠤ᠂ ᠵᠢᠴᠢ ᠡᠵᠡᠩᠨᠡᠯᠲᠡ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠬᠤ ᠪᠠ ᠵᠢᠷᠤᠮᠵᠢᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠵᠣᠬᠢᠬᠤ ᠭᠠᠭᠴᠠᠭᠠᠷ ᠡᠵᠡᠮᠰᠢᠯ ᠤᠨ ᠴᠢᠨᠠᠷ ᠪᠠ ᠠᠯᠪᠠᠳᠠᠯᠭ᠎ᠠ ᠶᠢᠨ ᠴᠢᠨᠠᠷ ᠪᠦᠬᠦᠢ ᠡᠵᠡᠩᠨᠡᠯᠲᠡ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠢᠯᠠᠩᠭᠤᠶ᠎ᠠ ᠪᠠᠩᠬᠢ᠂ ᠲᠡᠮᠳᠡᠭᠲᠦ᠂ ᠰᠠᠭᠤᠷᠢ ᠮᠥᠩᠭᠦ᠂ ᠬᠤᠭᠤᠴᠠᠭᠠᠲᠤ ᠪᠠᠷᠠᠭ᠎ᠠ᠂ ᠡᠳ᠋ ᠬᠥᠷᠥᠩᠭᠡ ᠶᠢ ᠦᠨᠡᠯᠡᠨ ᠵᠢᠱᠢᠬᠦ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ ᠰᠦᠢᠳᠬᠡᠯ ᠬᠤᠷᠢᠶᠠᠬᠤ ᠲᠥᠷᠥᠯ ᠵᠦᠢᠯ ᠳᠠᠬᠢ ᠥᠪᠡᠷ ᠤᠨ ᠥᠷᠲᠡᠭ ᠤᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠬᠡᠲᠦ ᠥᠨᠳᠥᠷ ᠰᠦᠢᠳᠬᠡᠯ ᠬᠤᠷᠢᠶᠠᠬᠤ ᠠᠴᠠ ᠰᠡᠷᠭᠡᠶᠢᠯᠡᠨ᠎ᠡ᠃ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠢ ᠦᠷᠭᠦᠯᠵᠢᠯᠡᠨ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠬᠡᠯᠲᠦᠷᠢᠭᠦᠯᠵᠦ ᠪᠣᠯᠬᠤ ᠶᠢ ᠨᠢ ᠬᠡᠯᠲᠦᠷᠢᠭᠦᠯᠬᠦ᠂ ᠬᠠᠰᠤᠵᠤ ᠪᠣᠯᠬᠤ ᠶᠢ ᠨᠢ ᠬᠠᠰᠤᠬᠤ ᠵᠠᠷᠴᠢᠮ ᠶᠣᠰᠣᠭᠠᠷ᠂ ᠡᠵᠡᠩᠨᠡᠯᠲᠡ ᠨᠢ ᠬᠦᠴᠢᠷᠳᠡᠯᠲᠡᠢ ᠭᠡᠰᠢᠭᠦᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠰᠦᠢᠳᠬᠡᠯ ᠬᠤᠷᠢᠶᠠᠬᠤ ᠶᠢ ᠰᠠᠨᠠᠭᠠᠴᠢᠯᠠᠭ᠎ᠠ ᠠᠴᠠ ᠪᠠᠨ ᠬᠠᠰᠤᠵᠤ ᠬᠡᠯᠲᠦᠷᠢᠭᠦᠯᠦᠨ᠎ᠡ᠃       Q6      Q᠄ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠦᠷᠢᠶ᠎ᠡ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠨᠢ ᠶᠠᠭᠤ ᠪᠤᠶ︖       A᠄ ︽ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠲᠥᠰᠥᠯ︾ ᠢ ᠲᠣᠭᠲᠠᠭᠠᠵᠤ᠂ ᠡᠯ᠎ᠡ ᠭᠠᠵᠠᠷ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠢ ᠥᠷᠨᠢᠭᠦᠯᠬᠦ ᠶᠢ ᠪᠠᠶᠢᠷᠢᠯᠠᠭᠤᠯᠵᠤ᠂ ᠵᠣᠬᠢᠰ ᠦᠭᠡᠢ ᠰᠦᠢᠳᠬᠡᠯ ᠬᠤᠷᠢᠶᠠᠯᠲᠠ ᠶᠢ ᠢᠯᠭᠠᠷᠠᠭᠤᠯᠤᠨ ᠴᠡᠭᠴᠡᠯᠡᠨ᠎ᠡ᠃      ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠬᠤᠷᠢᠭ᠎ᠠ ᠱᠤᠭᠤᠮ ᠠᠴᠠ ᠭᠠᠳᠠᠨ᠎ᠠ ᠪᠠᠷᠢᠯᠭ᠎ᠠ ᠶᠢᠨ ᠰᠦᠢᠳᠬᠡᠯ ᠬᠤᠷᠢᠶᠠᠯᠲᠠ ᠶᠢ ᠨᠡᠮᠡᠬᠦ᠂ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠬᠤᠷᠢᠭ᠎ᠠ ᠱᠤᠭᠤᠮ ᠤᠨ ᠳᠣᠲᠣᠷᠠᠬᠢ ᠬᠤᠯᠪᠣᠭᠳᠠᠯ ᠪᠦᠬᠦᠢ ᠰᠦᠢᠳᠬᠡᠯ ᠬᠤᠷᠢᠶᠠᠯᠲᠠ᠂ ᠨᠢᠭᠡᠨᠲᠡ ᠦᠨ᠎ᠡ ᠲᠣᠭᠲᠠᠭᠠᠬᠤ ᠥᠪᠡᠷ ᠤᠨ ᠥᠷᠲᠡᠭ ᠲᠤ ᠣᠷᠣᠭᠤᠯᠤᠭᠰᠠᠨ ᠬᠠᠮᠢᠶ᠎ᠠ ᠪᠦᠬᠦᠢ ᠰᠦᠢᠳᠬᠡᠯ ᠬᠤᠷᠢᠶᠠᠯᠲᠠ᠂ ᠴᠠᠬᠢᠯᠭᠠᠨ ᠤ ᠲᠣᠣᠷ ᠤᠨ ᠪᠤᠰᠤ ᠰᠢᠭᠤᠳ ᠴᠠᠬᠢᠯᠭᠠᠨ ᠬᠠᠩᠭᠠᠬᠤ ᠭᠤᠭᠴᠤᠭ᠎ᠠ ᠳᠤ ᠵᠣᠬᠢᠰ ᠦᠭᠡᠢ ᠪᠠᠷ ᠦᠨ᠎ᠡ ᠨᠡᠮᠡᠬᠦ᠂ ᠪᠤᠰᠤᠳ ᠵᠣᠬᠢᠰ ᠦᠭᠡᠢ ᠰᠦᠢᠳᠬᠡᠯ ᠬᠤᠷᠢᠶᠠᠯᠲᠠ ᠶᠢ ᠢᠯᠭᠠᠷᠠᠭᠤᠯᠤᠨ ᠵᠢᠷᠤᠮᠵᠢᠭᠤᠯᠤᠨ᠎ᠠ᠃       ᠰᠦᠯᠵᠢᠶᠡᠨ ᠳᠤ ᠨᠡᠪᠲᠡᠷᠡᠭᠦᠯᠦᠨ ᠣᠷᠣᠭᠤᠯᠬᠤ ᠢᠨᠵᠧᠨᠧᠷᠢᠩ᠂ ᠪᠦᠲᠦᠭᠡᠨ ᠪᠠᠶᠢᠭᠤᠯᠵᠤ ᠤᠭᠰᠠᠷᠠᠬᠤ᠂ ᠰᠢᠨᠡᠳᠬᠡᠨ ᠥᠭᠡᠷᠡᠴᠢᠯᠡᠬᠦ ᠵᠡᠷᠭᠡ ᠬᠦᠷᠢᠶᠡᠨ ᠳᠤ᠂ ᠬᠡᠷᠡᠭᠯᠡᠭᠴᠢ ᠪᠠᠷ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠬᠤᠷᠢᠭ᠎ᠠ ᠱᠤᠭᠤᠮ ᠠᠴᠠ ᠭᠠᠳᠠᠨᠠᠬᠢ ᠶᠠᠮᠠᠷᠪᠠ ᠵᠠᠷᠤᠳᠠᠯ ᠢ ᠡᠭᠦᠷᠭᠡᠯᠡᠭᠦᠯᠵᠦ ᠪᠣᠯᠬᠤ ᠦᠭᠡᠢ᠂ ᠨᠢᠭᠡᠨᠲᠡ ᠭᠡᠷ ᠪᠠᠶᠢᠰᠢᠩ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠥᠪᠡᠷ ᠤᠨ ᠥᠷᠲᠡᠭ ᠲᠤ ᠣᠷᠣᠭᠤᠯᠤᠭᠰᠠᠨ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠤᠭᠰᠠᠷᠠᠬᠤ ᠵᠠᠷᠤᠳᠠᠯ ᠵᠡᠷᠭᠡ ︽ᠠᠷᠪᠠ ᠶᠢ ᠦᠯᠦ ᠬᠤᠷᠢᠶᠠᠬᠤ︾ ᠶᠢ ᠲᠣᠳᠣᠷᠬᠠᠢ ᠲᠣᠭᠲᠠᠭᠠᠵᠠᠢ᠃       ᠬᠡᠮᠵᠢᠯᠲᠡ ᠶᠢᠨ ᠲᠣᠨᠣᠭᠯᠠᠯ ᠤᠭᠰᠠᠷᠠᠬᠤ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ᠂ ᠰᠦᠢᠳᠬᠡᠯ ᠬᠤᠷᠢᠶᠠᠬᠤ ᠨᠠᠷᠢᠨ ᠲᠠᠩᠰᠠ ᠶᠢᠨ ᠬᠠᠮᠢᠶᠠᠷᠤᠯᠲᠠ ᠵᠡᠷᠭᠡ ᠬᠦᠷᠢᠶᠡᠨ ᠳᠤ᠂ ᠬᠡᠷᠡᠭᠯᠡᠭᠴᠢ ᠠᠴᠠ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠡᠮᠵᠢᠯᠲᠡ ᠶᠢᠨ ᠲᠣᠨᠣᠭᠯᠠᠯ ᠤᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠶᠢᠨ ᠬᠠᠮᠲᠤ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ᠂ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠠᠴᠠ ᠭᠠᠳᠠᠨ᠎ᠠ ᠪᠤᠰᠤᠳ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ ᠵᠡᠷᠭᠡ ︽ᠵᠢᠷᠭᠤᠭ᠎ᠠ ᠶᠢ ᠴᠢᠩᠭ᠎ᠠ ᠴᠠᠭᠠᠵᠠᠯᠠᠬᠤ︾ ᠪᠠᠷ ᠲᠣᠳᠣᠷᠬᠠᠢ ᠲᠣᠭᠲᠠᠭᠠᠪᠠ᠃       Q7       Q᠄ ᠢᠯᠡᠴᠢᠯᠡᠨ ᠵᠠᠭᠠᠯᠳᠤᠬᠤ ᠠᠷᠭ᠎ᠠ ᠵᠠᠮ ᠪᠠᠶᠢᠨ᠎ᠠ ᠦᠦ︖       A᠄ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠳᠠᠷᠤᠭᠠᠰᠤ ᠶᠢ ᠨᠢ ᠬᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ 12381᠂ 12315 ᠭᠡᠬᠦ ᠬᠤᠶᠠᠷ ᠬᠠᠯᠠᠮᠰᠢᠯ ᠤᠲᠠᠰᠤ ᠶᠢ ᠨᠡᠶᠢᠲᠡᠯᠡᠵᠦ᠂ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠠᠰᠠᠭᠤᠳᠠᠯ ᠤᠨ ᠲᠤᠬᠠᠢ ᠨᠡᠶᠢᠭᠡᠮ ᠨᠡᠶᠢᠲᠡ ᠶᠢᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ