ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠦᠨ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠤᠷᠠᠳ ᠤᠨ ᠡᠮᠦᠨᠡᠲᠦ ᠬᠤᠰᠢᠭᠤᠨ ᠤ ᠤᠯᠤᠰ ᠤᠨ ᠲᠠᠰ ᠤᠨ ᠵᠡᠮᠳᠡᠭᠴᠦᠳ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/8/1
    ᠲᠦᠷᠦᠭᠦᠬᠡᠨ᠂ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ ᠪᠠᠷ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠤᠷᠠᠳ ᠤᠨ ᠡᠮᠦᠨᠡᠲᠦ ᠬᠤᠰᠢᠭᠤᠨ ᠤ ᠤᠯᠤᠰ ᠤᠨ ᠲᠠᠰ ᠤᠨ ᠵᠡᠮᠳᠡᠭᠴᠦᠳ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ᠪᠠᠶᠢᠭᠤᠯᠤᠭᠳᠠᠪᠠ᠃ 

残疾人1.jpg

     ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠤᠨ

ᠪᠠᠶᠢᠭᠤᠯᠤᠭᠳᠠᠭᠰᠠᠨ ᠨᠢ ᠪᠥᠬᠦ ᠬᠤᠰᠢᠭᠤᠨ ᠤ ᠵᠡᠮᠳᠡᠭᠴᠦᠳ ᠤᠨ ᠠᠵᠢᠯ ᠢ ᠰᠢᠨ᠎ᠡ ᠴᠠᠭ ᠦᠶ᠎ᠡ ᠶᠢᠨ ᠪᠣᠯᠪᠠᠰᠤᠨ ᠢ  ᠦᠢᠯᠡᠳᠦᠯᠭᠡᠵᠢᠭᠦᠯᠬᠦ ᠰᠠᠶᠢᠨ ᠳᠤᠷ᠎ᠠ ᠶᠢᠨ 

ᠦᠢᠯᠡᠴᠢᠯᠡᠭᠡᠨ ᠤ ᠠᠵᠢᠯ ᠲᠠᠢ ᠤᠶᠠᠯᠳᠤᠭᠤᠯᠬᠤ ᠶᠢ ᠠᠬᠢᠭᠤᠯᠵᠤ᠂ ︽ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠣᠨᠣᠯᠵᠢᠬᠤᠨ ᠪᠠ

ᠵᠡᠮᠳᠡᠭᠴᠦᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠵᠡᠮᠳᠡᠭᠴᠦᠳ ᠤᠨ ᠦᠨᠳᠦᠰᠦᠨ ᠠᠮᠢᠳᠤᠷᠠᠯ ᠤᠨ ᠪᠠᠶᠢᠳᠠᠯ ᠢ ᠬᠦᠴᠦᠯᠡᠨ ᠰᠠᠶᠢᠵᠢᠷᠠᠭᠤᠯᠵᠤ᠂

ᠵᠡᠮᠳᠡᠭᠴᠦᠳ ᠤᠨ ᠦᠢᠯᠡᠴᠢᠯᠡᠭᠡ ᠪᠠ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠵᠡᠮᠳᠡᠭ ᠣᠯᠠᠨ ᠲᠦᠮᠡᠨ ᠢ ᠬᠠᠪᠰᠤᠷᠤᠨ ᠢᠲᠡᠭᠡᠯ ᠵᠣᠷᠢᠭ ᠢ ᠨᠢ

ᠳᠡᠭᠡᠭᠰᠢᠯᠡᠭᠦᠯᠵᠦ᠂ ᠬᠦᠰᠡᠯ ᠡᠷᠡᠮᠡᠯᠵᠡᠯ ᠢ ᠨᠢ ᠨᠡᠮᠡᠭᠳᠡᠭᠦᠯᠬᠦ ᠶᠢᠨ ᠲᠥᠯᠥᠭᠡ ᠶᠤᠮ᠃ ᠡᠭᠦᠨ ᠤ ᠬᠠᠮᠲᠤ ᠪᠠᠰᠠ ᠰᠢᠨ᠎ᠡ ᠴᠠᠭ ᠦᠶ᠎ᠡ ᠶᠢᠨ ᠪᠣᠯᠪᠠᠰᠤᠨ ᠤ 

ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠥᠭᠡᠳᠡᠷᠬᠡᠭ ᠴᠠᠶᠢᠯᠭᠠᠨ ᠨᠡᠶᠢᠭᠡᠮ ᠤᠨ ᠠᠭᠤᠷ

ᠠᠮᠢᠰᠬᠤᠯ ᠢ ᠪᠣᠶ ᠪᠣᠯᠭᠠᠪᠠ᠃

残疾人2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ