ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠢᠤᠢ ᠠᠨ ᠪᠢᠶᠤᠤ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠬᠠᠳᠤᠨ ᠭᠤᠣᠯ ᠢ ᠬᠠᠮᠠᠭᠠᠯᠠᠬᠤ ᠬᠠᠤᠯᠢ ᠶᠢᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/1
     7 ᠰᠠᠷ᠎ᠠ ᠶᠢᠨ 30 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠢᠤᠢ ᠠᠨ ᠪᠢᠶᠤᠤ ᠨᠠᠷ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠬᠠᠲᠤᠨ ᠭᠤᠤᠯ ᠢ ᠬᠠᠮᠠᠭᠠᠯᠠᠬᠤ ᠬᠠᠤᠯᠢ ᠶᠢᠨ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠪᠡ᠃ 

人大调研1.jpg

     ᠰᠢᠤᠢ ᠠᠨ ᠪᠢᠶᠤᠤ ᠶᠢᠨ ᠨᠤᠷᠮ᠎ᠡ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠳᠤ ᠦᠶ᠎ᠡ ᠶᠢᠨ ᠲᠠᠷᠢᠶᠠᠯᠠᠩ ᠮᠠᠯ ᠠᠵᠤ

ᠠᠬᠤᠢ ᠶᠢᠨ ᠠᠵᠤ ᠦᠢᠯᠡᠰ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠤᠯᠠᠭᠠᠨᠰᠤᠬᠠᠢ ᠵᠡᠷᠭᠡ ᠭᠠᠵᠠᠷ ᠢᠶᠠᠷ

ᠬᠦᠷᠴᠦ ᠲᠤᠬᠠᠢ ᠶᠢᠨ ᠭᠠᠵᠠᠷ ᠢᠶᠠᠷ ᠨᠢ ᠰᠤᠷᠪᠤᠯᠵᠢᠯᠠᠨ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠰᠣᠯᠢᠯᠴᠠᠨ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ

ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠠᠮᠢ ᠠᠬᠤᠢ ᠶᠢᠨ ᠤᠰᠤ ᠨᠥᠬᠦᠪᠥᠷᠢᠯᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂

ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ᠂ ᠡᠯ᠎ᠡ

ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠰᠣᠨᠣᠰᠪᠠ᠃ 

人大调研2.jpg

     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ

ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ

ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠰᠤᠨ ᠤ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠵᠤ᠂

ᠬᠠᠤᠯᠢᠵᠢᠯ ᠤᠨ ᠠᠷᠭ᠎ᠠ ᠪᠠᠷ ᠬᠠᠲᠤᠨ ᠭᠤᠤᠯ ᠢ ᠰᠠᠶᠢᠲᠤᠷ ᠬᠠᠮᠠᠭᠠᠯᠠᠵᠤ᠂ ᠰᠠᠶᠢᠲᠤᠷ ᠵᠠᠰᠠᠵᠤ᠂ ᠰᠠᠶᠢᠲᠤᠷ ᠠᠰᠢᠭᠯᠠᠵᠤ᠂ ᠤᠰᠤᠨ ᠤ ᠠᠮᠤᠷ ᠲᠦᠪᠰᠢᠨ ᠢ

ᠪᠦᠲᠦᠮᠵᠢᠲᠡᠶ ᠪᠠᠲᠤᠯᠠᠬᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠤᠰᠤᠨ ᠤ ᠠᠮᠢ ᠠᠬᠤᠶ ᠶᠢ ᠢᠯᠡᠳᠲᠡ ᠰᠠᠶᠢᠵᠢᠷᠠᠭᠤᠯᠬᠤ

ᠡᠷᠴᠢᠮᠵᠢᠭᠦᠯᠦᠨ ᠠᠷᠪᠢᠯᠠᠨ ᠭᠠᠮᠨᠠᠬᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠲᠤᠬᠠᠶ ᠶᠢᠨ ᠭᠠᠵᠠᠷ ᠤᠨ ᠥᠪᠡᠷᠮᠢᠴᠡ ᠡᠬᠢ ᠪᠠᠶᠠᠯᠢᠭ᠂ ᠣᠷᠴᠢᠨ

ᠲᠣᠭᠤᠷᠢᠨ᠂ ᠣᠷᠣᠨ ᠪᠠᠶᠢᠷᠢ ᠶᠢᠨ ᠳᠠᠪᠠᠭᠤᠯᠢᠭ ᠲᠠᠢ ᠤᠶᠠᠯᠳᠤᠭᠤᠯᠤᠨ᠂ ᠠᠮᠢ ᠠᠬᠤᠶ ᠣᠷᠴᠢᠨ ᠲᠣᠭᠤᠷᠢᠨ ᠤ ᠲᠣᠮᠣ ᠳ᠋ᠠᠶᠢᠲ᠋ᠠ ᠬᠢᠭᠡᠳ ᠬᠢᠨᠠᠨ ᠬᠡᠮᠵᠢᠵᠦ

ᠤᠷᠢᠳᠴᠢᠯᠠᠨ ᠰᠡᠷᠡᠮᠵᠢᠯᠡᠭᠦᠯᠬᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠮᠡᠷᠭᠡᠵᠢᠯ᠂ ᠠᠮᠢ ᠠᠬᠤᠶ ᠶᠢ ᠬᠠᠮᠠᠭᠠᠯᠠᠬᠤ ᠬᠢᠭᠡᠳ ᠰᠡᠷᠭᠦᠭᠡᠬᠦ᠂ ᠪᠣᠬᠢᠷᠲᠤᠯ ᠥᠬᠡᠶ

ᠬᠥᠭᠵᠢᠭᠦᠯᠬᠦ ᠬᠢᠭᠡᠳ ᠪᠠᠶᠢᠭᠤᠯᠤᠯ ᠲᠣᠭᠲᠠᠴᠠ ᠵᠡᠷᠭᠡ ᠲᠠᠯ᠎ᠠ ᠪᠠᠷ ᠬᠠᠮᠢᠶ᠎ᠠ ᠪᠥᠬᠦᠶ ᠣᠨᠣᠯ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠮᠢᠶᠠᠷᠬᠤ ᠪᠠᠶᠢᠭᠤᠯᠤᠯ

ᠲᠣᠭᠲᠠᠴᠠ ᠶᠢ ᠰᠤᠳᠤᠯᠬᠤ ᠪᠠ ᠪᠣᠳᠠᠲᠠᠶᠢᠵᠢᠭᠤᠯᠤᠨ ᠤᠯᠠᠷᠢᠭᠤᠯᠬᠤ ᠶᠢ ᠥᠷᠨᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠣᠷᠴᠢᠨ

ᠲᠣᠭᠤᠷᠢᠨ ᠤ ᠬᠠᠮᠠᠭᠠᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠡᠭᠦᠨ ᠤ ᠵᠡᠷᠭᠡ ᠪᠠᠷ᠂ ᠶᠡᠭᠡ ᠬᠠᠮᠠᠭᠠᠯᠠᠯᠲᠠ ᠶᠢ ᠬᠠᠮᠲᠤ ᠪᠠᠷ

ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠦᠢᠯᠡᠳᠦᠯᠭᠡ ᠪᠠᠷ ᠭᠡᠷᠡᠴᠢᠯᠡᠭᠳᠡᠭᠰᠡᠨ ᠪᠦᠲᠦᠮᠵᠢᠲᠡᠢ ᠬᠠᠳᠤᠨ ᠭᠤᠣᠯ ᠤᠨ

ᠬᠠᠮᠠᠭᠠᠯᠠᠯᠲᠠ ᠵᠠᠰᠠᠯᠲᠠ ᠶᠢᠨ ᠲᠦᠷᠦ ᠶᠢᠨ ᠪᠤᠳᠤᠯᠭ᠎ᠠ᠂ ᠲᠣᠭᠲᠠᠴᠠ᠂ ᠲᠦᠷᠢᠮ ᠢ ᠬᠠᠤᠯᠢ ᠲᠣᠭᠲᠠᠭᠠᠨ ᠨᠤᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ

ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 

人大调研3.jpg

     ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ

ᠵᠠᠰᠠᠭ ᠵᠠᠬᠢᠷᠭᠠᠨ ᠤ ᠬᠠᠤᠯᠢ ᠶᠢᠨ ᠲᠠᠰᠤᠭ ᠤᠨ ᠡᠷᠬᠢᠯᠡᠭᠴᠢ ᠶᠤᠸᠠᠨ ᠵᠢᠶᠧ᠂ ᠳᠡᠳ᠋ ᠡᠷᠬᠢᠯᠡᠭᠴᠢ ᠯᠢᠦ ᠬᠠᠶ ᠲᠤᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢ ᠰᠠᠷᠠᠨ᠂ ᠬᠤᠲᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠢᠦᠶ ᠯᠢᠨ᠂ ᠬᠤᠲᠠ ᠶᠢᠨ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠹᠤᠩ ᠪᠥᠸᠧ᠂ ᠬᠤᠲᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠣᠣ ᠫᠢᠩ᠂ ᠬᠤᠰᠢᠭᠤ ᠨᠠᠮ ᠤᠨ ᠬᠤᠷᠢᠶᠠᠨ ᠤ ᠳᠡᠳ᠋

ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠᠨ ᠶᠦᠩ ᠴᠢᠩ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠡᠷᠭᠡ ᠬᠠᠮᠢᠶ᠎ᠠ

ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ