ᠾᠧ ᠸᠧᠢ ᠬᠤᠸᠠ ᠤᠷᠠᠳ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/8/1
    7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠠᠮᠢ ᠠᠬᠤᠶ ᠶᠢᠨ ᠬᠠᠮᠠᠭᠠᠯᠠᠯᠲᠠ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ᠃ 

贺伟华调研1.jpg

    7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠯᠠᠭᠠᠨᠰᠤᠬᠠᠢ ᠶᠢᠨ ᠡᠮᠦᠨ᠎ᠡ ᠡᠷᠭᠢ ᠳᠠᠬᠢ ᠣᠲᠣ

ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠤᠶᠤᠨᠲᠤ

ᠲᠠᠷᠢᠶᠠᠯᠠᠩ ᠤᠨ ᠣᠶᠤᠨᠴᠢ ᠡᠵᠡᠩᠨᠡᠯᠲᠡ ᠶᠢᠨ ᠲᠥᠪ ᠲᠤ ᠪᠠᠶᠢᠴᠠᠭᠠᠨ ᠰᠤᠳᠤᠯᠤᠯᠲᠠ ᠬᠢᠪᠠ᠃ 

   

    ᠾᠧ ᠸᠧᠶ ᠬᠤᠸᠠ ᠤᠯᠠᠭᠠᠨᠰᠤᠬᠠᠢ ᠶᠢᠨ ᠡᠮᠦᠨ᠎ᠡ ᠡᠷᠭᠢ ᠳᠠᠬᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ

ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠪᠣᠯᠤᠨ ᠤᠷᠠᠳ ᠤᠨ ᠡᠮᠦᠨᠡᠲᠦ ᠬᠤᠰᠢᠭᠤᠨ ᠤ ᠳᠡᠭᠡᠳᠦ ᠲᠠᠰ ᠤᠨ ᠰᠦ ᠶᠢᠨ ᠠᠵᠤ ᠦᠢᠯᠡᠰ ᠤᠨ ᠡᠷᠭᠢᠯᠲᠡ ᠶᠢᠨ

ᠵᠢᠱᠢᠶ᠎ᠡ ᠦᠵᠡᠭᠦᠯᠬᠦ ᠬᠦᠷᠢᠶᠡᠯᠡᠩ ᠲᠤ ᠬᠦᠷᠴᠦ᠂ ᠡᠬᠢ ᠪᠠᠶᠠᠯᠢᠭ᠂ ᠰᠠᠭᠤᠷᠢᠨ ᠵᠡᠷᠭᠡ ᠳᠠᠪᠠᠭᠤᠯᠢᠭ ᠢ ᠰᠠᠶᠢᠲᠤᠷ ᠠᠰᠢᠭᠯᠠᠵᠤ᠂ ᠲᠠᠷᠢᠶᠠᠯᠠᠩ ᠮᠠᠯ ᠠᠵᠤ ᠠᠬᠤᠶ ᠶᠢᠨ 

ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠪᠥᠬᠦ ᠬᠦᠴᠦᠨ ᠢᠶᠠᠷ ᠢᠶᠠᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ

ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ

ᠲᠠᠯ᠎ᠠ ᠪᠠᠷ ᠠᠯᠢ ᠲᠦᠷᠭᠡᠨ ᠢᠶᠠᠷ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠰᠦ ᠶᠢᠨ ᠦᠢᠯᠡᠰ ᠢ ᠬᠥᠭᠵᠢᠭᠦᠯᠦᠨ

ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠠᠵᠤ  ᠦᠢᠯᠡᠰ ᠤᠨ ᠬᠡᠯᠬᠢᠶ᠎ᠡ ᠶᠢᠨ ᠰᠡᠳᠬᠢᠬᠦᠶ ᠶᠢ ᠴᠢᠩᠭᠠᠳᠬᠠᠨ᠂ ᠲᠡᠵᠢᠭᠡᠨ ᠦᠷᠡᠵᠢᠭᠦᠯᠬᠦ᠂ 

ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠵᠡᠷᠭᠡ ᠭᠤᠭᠴᠤᠭ᠎ᠠ ᠪᠦᠬᠦᠨ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠪᠦᠲᠦᠮᠵᠢᠲᠡᠶ ᠵᠣᠯᠭᠠᠭᠤᠯᠬᠤ ᠪᠠᠷ

ᠴᠢᠷᠮᠠᠶᠢᠬᠤ ᠬᠡᠷᠡᠭᠲᠡᠶ ᠭᠡᠪᠡ᠃ 

贺伟华调研2.jpg

    

     7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠯᠠᠭᠠᠨᠰᠤᠬᠠᠢ ᠳᠤ ᠪᠠᠶᠢᠴᠠᠭᠠᠨ ᠰᠤᠳᠤᠯᠤᠯᠲᠠ ᠬᠢᠪᠠ᠃ 

   

    ᠤᠯᠠᠭᠠᠨᠰᠤᠬᠠᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠾᠧ ᠸᠧᠢ ᠬᠤᠸᠠ᠂ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠪᠣᠯ ᠪᠠᠶᠠᠨᠨᠠᠭᠤᠷ ᠤᠨ

ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ

ᠲᠡᠷᠢᠭᠦᠨ ᠳᠤ ᠲᠠᠯᠪᠢᠵᠤ᠂ ᠳᠡᠶᠢᠯᠦᠩᠭᠦᠢ ᠪᠠᠶᠢᠷᠢᠨ ᠳᠤ ᠲᠠᠯᠪᠢᠵᠤ᠂ ᠴᠡᠭ ᠤᠨ ᠡᠬᠢ᠂ ᠤᠯᠠᠨ ᠡᠬᠢ᠂ ᠳᠣᠲᠣᠭᠠᠳᠤ ᠡᠬᠢ ᠶᠢᠨ ᠪᠣᠬᠢᠷᠲᠤᠯ ᠢ ᠵᠠᠰᠠᠬᠤ ᠶᠢ ᠨᠢᠭᠡᠳᠦᠯᠲᠡᠢ

ᠲᠥᠯᠥᠪᠵᠢᠭᠦᠯᠦᠨ ᠠᠬᠢᠭᠤᠯᠵᠤ᠂ ᠬᠥᠳᠡᠭᠡ ᠠᠵᠤ ᠠᠬᠤᠢ ᠶᠢᠨ ︽ᠲᠦᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ

ᠬᠦᠷᠦᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠲᠡᠮᠵᠢᠵᠤ᠂ ᠤᠯᠠᠭᠠᠨᠰᠤᠬᠠᠢ ᠨᠠᠭᠤᠷ ᠤᠨ ᠣᠷᠣᠨ ᠤ ᠤᠰᠤᠨ ᠤ ᠴᠢᠨᠠᠷ ᠪᠣᠯᠤᠨ ᠡᠷᠬᠢᠨ ᠲᠣᠭᠤᠷᠢᠨ ᠤ ᠣᠷᠴᠢᠨ

ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 

贺伟华调研3.jpg

     7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠰᠠᠨ ᠬᠤ᠋ ᠲᠣᠰᠬᠤᠨ ᠳᠤ ᠪᠠᠶᠢᠴᠠᠭᠠᠨ ᠰᠤᠳᠤᠯᠤᠯᠲᠠ

ᠬᠢᠪᠠ᠃ 

   

     ᠮᠤᠨᠠ ᠠᠭᠤᠯᠠ ᠪᠠᠯᠭᠠᠰᠤᠨ ᠤ ᠰᠠᠨ ᠬᠤ᠋ ᠲᠣᠰᠬᠤᠨ ᠳᠤ᠂ ᠾᠧ ᠸᠧᠢ ᠬᠤᠸᠠ ᠠᠶᠤᠯᠳᠤ ᠪᠠᠷᠢᠯᠭ᠎ᠠ ᠶᠢᠨ ᠬᠡᠰᠡᠭ ᠤᠨ ᠠᠶᠤᠯ ᠲᠦᠭᠰᠢᠭᠦᠷᠢ ᠶᠢ ᠠᠷᠢᠯᠭᠠᠨ

ᠪᠠᠬᠢᠯᠡᠬᠦ᠂ ᠭᠤᠣᠯ ᠤᠨ ᠵᠠᠮ  ᠤᠨ ︽ᠲᠦᠷᠪᠡᠨ ᠡᠮᠬᠢ ᠵᠠᠮᠪᠠᠷᠠᠭ᠎ᠠ ᠦᠭᠡᠢ︾ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ

ᠦᠵᠡᠵᠦ᠂ ᠰᠠᠨ ᠬᠤ᠋ ᠨᠠᠭᠤᠷ ᠤᠨ ᠡᠷᠲᠡᠨ ᠤ ᠣᠯᠣᠮ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ

ᠮᠡᠳᠡᠭᠦᠯᠦᠯᠲᠡ ᠶᠢ ᠰᠣᠨᠣᠰᠪᠠ᠃ ᠲᠡᠷᠡ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ

ᠭᠤᠣᠯ ᠤᠨ ᠵᠠᠮ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠰᠤᠨ ᠤ ᠴᠢᠨᠠᠷ ᠠᠮᠤᠷ ᠲᠦᠪᠰᠢᠨ᠂ ᠬᠠᠳᠤᠨ ᠭᠤᠣᠯ ᠤᠨ

ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠠᠵᠤ ᠠᠬᠤᠢ ᠰᠣᠶᠣᠯ

ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂

ᠢᠯᠠᠩᠭᠤᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠤᠷᠲᠠᠯ ᠢᠶᠠᠨ ᠰᠠᠶᠢᠵᠢᠷᠠᠭᠤᠯᠵᠤ᠂ ᠴᠢᠳᠠᠪᠤᠷᠢ ᠪᠠᠨ

ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ

᠂ ᠤᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ‌‍ᠭ᠊ ‍ᠡᠪᠡ᠃

     ︽8 . 1︾  ᠤ ᠴᠡᠷᠢᠭ ᠪᠠᠶᠢᠭᠤᠯᠤᠭᠳᠠᠭᠰᠠᠨ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ ᠾᠧ ᠸᠧᠶ ᠬᠤᠸᠠ ᠬᠤᠲᠠ ᠳᠤ ᠰᠠᠭᠤᠭ᠎ᠠ ᠨᠢᠭᠡᠨ ᠴᠡᠷᠢᠭ

ᠠᠩᠭᠢ ᠶᠢᠨ ᠳᠠᠷᠤᠭ᠎ᠠ ᠪᠠᠶᠢᠯᠳᠤᠭᠴᠢᠳ ᠢ ᠳᠣᠲᠣᠨᠣ ᠪᠠᠷ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠪᠠᠶᠠᠷ ᠤᠨ

ᠡᠳᠦᠷ ᠤᠨ ᠵᠥᠩᠨᠡᠯ ᠳᠡᠪᠰᠢᠭᠦᠯᠵᠡᠶ᠃ ᠲᠡᠷᠡ᠂ ᠤᠷᠳᠤ ᠬᠤᠭᠤᠴᠠᠭᠠᠨ ᠤ ᠲᠤᠷᠰᠢ᠂ ᠬᠤᠳᠠ ᠳᠤ ᠰᠠᠭᠤᠭ᠎ᠠ ᠴᠡᠷᠢᠭ ᠠᠩᠬᠢ ᠴᠡᠷᠢᠭ ᠤᠨ ᠶᠠᠪᠤᠳᠠᠯ ᠤᠨ ᠡᠭᠦᠷᠭᠡ ᠪᠠᠨ

ᠪᠡᠶᠡᠯᠡᠭᠦᠯᠵᠦ᠂ ᠰᠢᠯᠢᠳᠡᠭ ᠴᠡᠷᠢᠭ ᠢ ᠳᠠᠪᠲᠠᠨ ᠪᠣᠯᠪᠠᠰᠤᠷᠠᠭᠤᠯᠬᠤ ᠶᠢᠨ ᠬᠠᠮᠲᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ

ᠣᠷᠣᠯᠴᠠᠨ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠩᠬᠢ ᠪᠠ ᠣᠷᠣᠨ ᠨᠤᠲᠤᠭ ᠪᠣᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠳᠠᠭ ᠭᠡᠳᠡᠭ ᠢ

ᠲᠠᠶᠢᠯᠪᠤᠷᠢᠯᠠᠪᠠ᠃ ᠬᠤᠲᠠ ᠳᠤ ᠰᠠᠭᠤᠭ᠎ᠠ ᠴᠡᠷᠢᠭ ᠠᠩᠭᠢ ᠦᠷᠭᠦᠯᠵᠢᠯᠡᠨ ᠪᠠᠶᠠᠨᠨᠠᠭᠤᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂

ᠡᠬᠡ ᠤᠯᠤᠰ ᠤᠨ ᠤᠮᠠᠷᠠᠲᠤ ᠶᠢᠨ ᠡᠨᠡ ᠬᠦ  ᠦᠵᠡᠮᠵᠢᠲᠦ ᠨᠤᠲᠤᠭ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ᠃

  ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠬᠤᠲᠠ ᠳᠤ ᠰᠠᠭᠤᠭ᠎ᠠ ᠴᠡᠷᠢᠭ ᠠᠩᠭᠢ ᠶᠢᠨ ᠪᠦᠲᠦᠭᠡᠨ

ᠪᠠᠢᠭᠤᠯᠤᠯᠲᠠ ᠶᠢ ᠳᠠᠮᠵᠢᠵᠤ᠂ ᠠᠷᠭ᠎ᠠ ᠪᠦᠬᠦᠨ ᠢ ᠰᠦᠪᠡᠭᠴᠢᠯᠡᠨ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢ ᠬᠠᠪᠰᠤᠷᠤᠨ ᠠᠷᠤ ᠲᠠᠯ᠎ᠠ ᠶᠢᠨ ᠬᠦᠴᠢᠷᠳᠡᠯ ᠢ

ᠰᠢᠢᠳᠪᠦᠷᠢᠯᠡᠵᠦ ᠥᠭᠭᠦᠨ᠎ᠡ ᠭᠡᠪᠡ᠃

     ᠬᠤᠲᠠ ᠶᠢᠨ ᠤᠳᠤᠷᠢᠳᠤᠯᠭ᠎ᠠ ᠬᠥᠬᠡ᠂ ᠳ᠋ᠦ᠋ ᠪᠥᠸᠧ ᠵᠢᠶᠦ᠋ᠨ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ

ᠬᠥᠭᠵᠢᠯᠲᠡ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠭᠧᠨ ᠳ᠋ᠦᠩ ᠲᠣᠰ ᠲᠣᠰ ᠪᠠᠶᠢᠴᠠᠭᠠᠨ ᠰᠤᠳᠤᠯᠵᠤ ᠲᠣᠬᠤᠨᠢᠭᠤᠯᠬᠤ ᠳᠤ

ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ