ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡ  ᠦᠡᠨᠢᠭᠦᠯᠪᠡ
ᠨᠡᠶᠢᠲᠡᠯᠡᠭᠰᠡᠨ ᠴᠠᠭ᠄
2022/8/10
     ᠣᠶᠢᠷ᠎ᠠ ᠶᠢᠨ ᠡᠳᠦᠷ᠂  ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠭᠠᠳᠤ ᠰᠢᠭᠦᠷᠡᠯ ᠤᠨ ᠰᠠᠯᠠᠭ᠎ᠠ ᠯᠢᠨ ᠬᠠᠶ ᠴᠡᠴᠡᠷᠯᠢᠭ ᠲᠤ ︽ᠨᠠᠰᠤᠲᠠᠶᠢᠴᠤᠳ ᠤᠨ ᠰᠢᠮ᠎ᠡ ᠲᠡᠵᠢᠭᠡᠯ ᠢ ᠰᠠᠶᠢᠵᠢᠷᠠᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢ ᠰᠤᠪᠢᠯᠠᠭᠴᠢ ᠠᠴᠠ ᠨᠠᠰᠤᠲᠠᠶᠢᠴᠤᠳ ᠲᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠬᠢᠨ ᠬᠢᠬᠦ ᠵᠡᠷᠭᠡ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠲᠡᠳᠡᠨ ᠳᠤ ᠴᠢᠰᠤᠨ ᠳᠠᠷᠤᠯᠲᠠ᠂ ᠴᠢᠰᠤᠨ ᠰᠢᠬᠢᠷ ᠢ ᠬᠢᠨᠠᠨ ᠬᠡᠮᠵᠢᠵᠦ ᠥᠭᠪᠡ᠃ ᠡᠭᠦᠨ ᠤ ᠬᠠᠮᠲᠤ᠂ ᠡᠮᠴᠢ ᠰᠤᠪᠢᠯᠠᠭᠴᠢ ᠪᠠᠰᠠ ᠡᠷᠡᠭᠦᠯ ᠮᠡᠨᠳᠦ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠨᠠᠰᠤᠲᠠᠶᠢᠴᠤᠳ ᠢ ᠬᠠᠪᠰᠤᠷᠤᠨ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠢ ᠵᠥᠪ ᠢᠶᠠᠷ ᠲᠠᠨᠢᠬᠤ ᠪᠠ ᠤᠷᠢᠳᠴᠢᠯᠠᠨ  ᠰᠡᠷᠭᠡᠶᠢᠯᠡᠵᠦ ᠶᠢ ᠵᠢᠭᠠᠵᠤ ᠦᠭᠪᠡ᠃     ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ ᠡᠷᠡᠭᠦᠯ ᠮᠡᠨᠳᠦ ᠶᠢᠨ ᠵᠥᠪᠯᠡᠯᠭᠡ ᠥᠭᠬᠦ  ᠦᠢᠯᠡᠴᠢᠯᠡᠭᠡ ᠶᠢ 50 ᠭᠠᠷᠤᠶ ᠬᠥᠮᠦᠨ ᠤᠳᠠᠭ᠎ᠠ ᠬᠠᠩᠭᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ