ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠤ ᠠᠭᠤᠯᠠ ᠶᠢᠨ ᠭᠠᠵᠠᠷ ᠣᠷᠣᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ  ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/8/10
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ  ᠬᠠᠷᠢᠭᠤᠴᠠᠯᠭᠠᠲᠠᠳ ᠶᠡᠭᠡ  ᠰᠢᠭᠡᠲᠡᠢ ᠳᠤ ᠬᠦᠷᠴᠦ ᠠᠷᠤ ᠠᠭᠤᠯᠠ ᠶᠢᠨ ᠭᠠᠵᠠᠷ ᠣᠷᠣᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠪᠥᠬᠦ ᠲᠠᠯ᠎ᠠ ᠪᠠᠷ  ᠪᠠᠶᠢᠴᠠᠭᠠᠯᠲᠠ ᠬᠢᠪᠠ᠃      ᠲᠣᠪᠴᠢᠶᠠᠨ ᠳᠠᠷᠤᠭ᠎ᠠ ᠸᠠᠩ ᠶᠦᠩ ᠭᠠᠩ ᠨᠠᠰᠤᠲᠠᠨ ᠢ ᠠᠰᠠᠷᠠᠬᠤ ᠬᠦᠷᠢᠶᠡᠯᠡᠩ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠵᠡᠮᠳᠡᠯ ᠤᠨ ᠲᠠᠰᠤᠭ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠠᠮ ᠵᠡᠷᠭᠡ ᠠᠮᠤᠷ ᠲᠦᠪᠰᠢᠨ ᠤ ᠲᠤᠨᠤᠭ ᠲᠥᠬᠦᠭᠡᠷᠦᠮᠵᠢ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠢᠳᠡᠭᠡᠨ ᠤ ᠬᠠᠮᠢᠶᠠᠷᠤᠯᠲᠠ ᠶᠢᠨ ᠲᠦᠷᠢᠮ᠂ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠢᠳᠡᠭᠡᠨ ᠤ ᠬᠠᠳᠠᠭᠠᠯᠠᠯᠲᠠ᠂ ᠬᠤᠭᠤᠯᠠᠨ ᠭᠡᠷ ᠲᠣᠭᠤᠭᠠᠨ ᠭᠡᠷ ᠤᠨ ᠬᠡᠷᠡᠭᠰᠡᠯ ᠢ ᠠᠷᠢᠭᠤᠳᠬᠠᠬᠤ᠂ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠵᠢᠴᠢ ᠲᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃      ᠲᠣᠪᠴᠢᠶᠠᠨ ᠳᠠᠷᠤᠭ᠎ᠠ ᠠᠴᠠ ᠴᠢᠬᠤᠯᠠᠴᠢᠯᠠᠭᠰᠠᠨ ᠨᠢ᠂ ᠨᠠᠰᠤᠲᠠᠶᠢᠴᠤᠳ ᠤᠨ ᠪᠡᠶ᠎ᠡ ᠮᠠᠬᠠᠪᠣᠳ ᠬᠠᠷᠢᠴᠠᠩᠭᠤᠶ ᠪᠠᠷ ᠨᠡᠯᠢᠶᠡᠳ ᠪᠠᠭᠤᠷᠠᠶ ᠪᠠᠶᠢᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠦᠬᠦᠨ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠪᠠᠶᠢᠴᠠᠭᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠪᠣᠯᠤᠨ ᠠᠵᠢᠯᠲᠠᠳ ᠤᠨ ᠰᠡᠷᠭᠡᠶᠢᠯᠡᠬᠦ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ᠂ ᠪᠥᠬᠦ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠣᠷᠣᠵᠤ ᠭᠠᠷᠬᠤ ᠬᠠᠮᠢᠶᠠᠷᠤᠯᠲᠠ ᠪᠠᠨ ᠴᠢᠩᠭᠠᠳᠬᠠᠵᠤ᠂ ᠡᠳᠦᠷ ᠪᠦᠷᠢ ᠶᠢᠨ ᠪᠡᠶ᠎ᠡ ᠶᠢᠨ ᠬᠠᠯᠠᠭᠤᠨ ᠢ ᠬᠡᠮᠵᠢᠬᠦ᠂ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠡᠯ᠎ᠡ  ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ᠂ ᠢᠳᠡᠭᠡᠨ ᠤ ᠠᠷᠢᠭᠤᠨ ᠴᠡᠪᠡᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ ᠂ ᠠᠶᠤᠯ ᠦᠭᠡᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠵᠢᠴᠢ ᠠᠵᠢᠯᠲᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ