ᠣᠶᠢᠷ᠎ᠠ ᠳᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠣᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠠᠵᠢᠯᠲᠠᠨ ᠤ ᠬᠡᠪ ᠤᠨ ᠪᠤᠰᠤ | ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠵᠢᠯᠲᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ | ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯ ᠳᠤ ᠥᠪᠡᠰᠦᠪᠡᠨ ᠪᠠᠶᠢᠴᠠᠭᠠᠬᠤ ᠪᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠬᠠᠷᠢᠯᠴᠠᠨ | ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ︽ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠠᠵᠢᠯᠲᠠᠨ ᠤ ᠦᠢᠯᠡ | ᠠᠵᠢᠯᠯᠠᠭ᠎ᠠ ᠶᠢᠨ ᠬᠠᠮᠢᠶᠠᠷᠤᠯᠲᠠ ᠶᠢᠨ ᠵᠢᠯᠣᠭᠤᠳᠤᠮᠵᠢ︾ ᠪᠠ ︽ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠯᠲᠡ ᠶᠢᠨ ᠪᠠᠩᠬᠢ ᠶᠢᠨ ᠠᠵᠢᠯᠲᠠᠨ ᠤ ᠦᠢᠯᠡ | ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠵᠢᠯ ᠤᠨ ᠪᠠᠶᠢᠷᠢ ᠳᠡᠭᠡᠷ᠎ᠡ ᠪᠠᠨ ᠪᠠᠶᠢᠬᠤ᠂ | ᠠᠵᠢᠯ ᠠᠴᠠ ᠪᠠᠨ ᠪᠠᠭᠤᠵᠤ ᠠᠮᠠᠷᠠᠬᠤ᠂ ᠬᠥᠳᠡᠯᠮᠦᠷᠢ ᠦᠢᠯᠡᠴᠢᠯᠡᠭᠡ ᠳᠤ ᠠᠵᠢᠯᠴᠢᠨ ᠬᠡᠷᠡᠭᠯᠡᠬᠦ᠂ ᠨᠡᠶᠢᠭᠡᠮᠴᠢᠯᠡᠭᠰᠡᠨ ᠠᠵᠢᠯᠴᠢᠨ ᠬᠡᠷᠡᠭᠯᠡᠬᠦ ᠬᠥᠮᠦᠰ ᠢ ᠬᠠᠮᠤᠷᠴᠤ᠂ | ᠪᠥᠬᠦ ᠠᠵᠢᠯᠲᠠᠨ ᠠᠵᠢᠯᠴᠢᠨ ᠤ ᠰᠠᠨᠠᠭᠠᠴᠢᠯᠠᠭ᠎ᠠ ᠠᠴᠠ ᠪᠠᠨ ᠬᠢᠨᠠᠯᠲᠠ ᠬᠦᠯᠢᠶᠡᠵᠦ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠪᠡ᠃ | ᠨᠢᠭᠡ ᠳᠤ ᠡᠳᠦᠷ ᠲᠤᠲᠤᠮ ᠤᠨ ᠠᠵᠢᠭᠯᠠᠯᠲᠠ ᠪᠠᠨ ᠴᠢᠩᠭᠠᠳᠬᠠᠨ᠎ᠠ᠃ ᠡᠳᠦᠷ ᠲᠤᠲᠤᠮ ᠤᠨ ᠠᠵᠢᠯ ᠳᠤᠮᠳᠠ ᠠᠵᠢᠯᠲᠠᠨ ᠤ ᠣᠶᠤᠨ ᠰᠠᠨᠠᠭᠠᠨ ᠤ ᠪᠠᠢᠳᠠᠯ᠂ | ᠠᠵᠢᠯ ᠤᠨ ᠣᠪᠣᠷ᠂ ᠦᠭᠡ ᠶᠠᠷᠢᠶ᠎ᠠ ᠦᠢᠯᠡ ᠠᠵᠢᠯᠯᠠᠭ᠎ᠠ ᠵᠡᠷᠭᠡ ᠶᠢ ᠠᠩᠬᠠᠷᠤᠨ ᠠᠵᠢᠭᠯᠠᠵᠤ᠂ ᠠᠵᠢᠯᠲᠠᠨ ᠤ ᠦᠭᠡ ᠶᠠᠷᠢᠶ᠎ᠠ ᠦᠢᠯᠡ ᠠᠵᠢᠯᠯᠠᠭ᠎ᠠ ᠬᠡᠪ ᠤᠨ ᠪᠤᠰᠤ | ᠡᠰᠡᠬᠦ ᠶᠢ ᠣᠢᠯᠠᠭᠠᠨ᠎ᠠ᠃ ᠬᠤᠶᠠᠷ ᠲᠤ ᠰᠡᠳᠬᠢᠯ ᠤᠨ ᠦᠭᠡ ᠪᠠᠨ ᠶᠠᠷᠢᠯᠴᠠᠬᠤ᠃ ᠪᠠᠩᠬᠢ ᠶᠢᠨ ᠤᠳᠤᠷᠢᠳᠤᠯᠭ᠎ᠠ ᠠᠵᠢᠯᠲᠠᠨ ᠲᠠᠢ ᠪᠠᠨ ᠲᠤᠰᠬᠠᠶ ᠶᠠᠷᠢᠯᠴᠠᠵᠤ᠂ | ᠲᠡᠭᠦᠨ ᠤ ᠲᠣᠰ ᠪᠡᠶ᠎ᠡ ᠪᠤᠶᠤ ᠪᠤᠰᠤᠳ ᠠᠵᠢᠯᠲᠠᠨ ᠤ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠪᠠᠶᠢᠳᠠᠯ ᠢ ᠣᠢᠯᠠᠭᠠᠨ᠎ᠠ᠃ ᠭᠤᠷᠪᠠ ᠳᠤ ᠴᠢᠩᠭ᠎ᠠ ᠪᠠᠶᠢᠴᠠᠭᠠᠵᠤ | ᠬᠢᠨᠠᠯᠲᠠ ᠲᠠᠯᠪᠢᠨ᠎ᠠ᠃ ᠠᠵᠢᠯᠲᠠᠨ ᠤ ᠠᠵᠢᠯ ᠳᠤ ᠭᠠᠷᠬᠤ ᠲᠡᠮᠳᠡᠭᠯᠡᠯ᠂ ᠠᠵᠢᠯ ᠤᠨ ᠪᠢᠴᠢᠭ ᠮᠠᠲ᠋ᠧᠷᠢᠶᠠᠯ᠂ ᠬᠠᠮᠢᠶᠠᠷᠤᠯᠲᠠ ᠶᠢᠨ ᠰᠢᠰᠲ᠋ᠧᠮ ᠤᠨ ᠴᠤᠪᠤᠷᠠᠯ ᠤᠨ ᠣᠷᠣᠮ | ᠵᠢᠴᠢ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠵᠤ᠂ ᠠᠵᠢᠯᠲᠠᠨ ᠤ ᠦᠢᠯᠡ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ | ᠂ ᠬᠡᠪ ᠤᠨ ᠪᠤᠰᠤ ᠦᠢᠯᠡ ᠠᠵᠢᠯᠯᠠᠭ᠎ᠠ ᠶᠢ ᠵᠠᠳᠠᠯᠤᠨ ᠵᠢᠭᠰᠠᠭᠠᠨ ᠪᠠᠶᠢᠴᠠᠭᠠᠨ᠎ᠠ᠃ ᠳᠥᠷᠪᠡ ᠳᠤ ᠠᠵᠢᠯᠲᠠᠨ ᠤ ᠥᠪᠡᠰᠦᠪᠡᠨ ᠪᠠᠶᠢᠴᠠᠭᠠᠬᠤ ᠶᠢ ᠥᠷᠨᠢᠭᠦᠯᠦᠨ᠎ᠡ᠃ ︽ | ᠠᠵᠢᠯᠲᠠᠨ ᠠᠵᠢᠯᠴᠢᠨ ᠤ ᠬᠡᠪ ᠤᠨ ᠪᠤᠰᠤ ᠦᠢᠯᠡ ᠠᠵᠢᠯᠯᠠᠭ᠎ᠠ ᠶᠢ ᠥᠪᠡᠰᠦᠪᠡᠨ ᠪᠠᠶᠢᠴᠠᠭᠠᠬᠤ ᠬᠦᠰᠦᠨᠦᠭᠲᠦ︾ ᠲᠠᠢ ᠬᠠᠷᠢᠴᠠᠭᠤᠯᠵᠤ᠂ ᠠᠵᠢᠯᠲᠠᠨ ᠠᠵᠢᠯᠴᠢᠨ ᠢ | ᠵᠣᠬᠢᠶᠠᠨ ᠪᠠᠶᠢᠭᠤᠯᠤᠨ ᠥᠪᠡᠷ ᠢ ᠪᠠᠨ ᠪᠠᠶᠢᠴᠠᠭᠠᠵᠤ᠂ ᠬᠦᠰᠦᠨᠦᠭᠲᠦ ᠶᠢ ᠦᠨᠡᠨ ᠮᠥᠨ ᠢᠶᠠᠷ ᠨᠢ ᠲᠠᠭᠯᠠᠬᠤ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠨ᠎ᠠ᠃ | ᠲᠠᠪᠤ ᠳᠤ ᠢᠳᠡᠪᠬᠢᠲᠡᠶ ᠪᠠᠷ ᠰᠤᠷᠪᠤᠯᠵᠢᠯᠠᠨ ᠪᠠᠶᠢᠴᠠᠭᠠᠨ᠎ᠠ᠃ ᠠᠵᠢᠯᠲᠠᠨ ᠤ ᠬᠡᠷ ᠪᠦᠯᠢ᠂ ᠬᠠᠷᠢᠴᠠᠭᠠᠨ ᠤ ᠡᠷᠦᠬᠡ ᠶᠢ ᠰᠤᠷᠪᠤᠯᠵᠢᠯᠠᠬᠤ ᠵᠢᠴᠢ ᠲᠤᠬᠠᠶ ᠶᠢᠨ ᠭᠠᠵᠠᠷ ᠤᠨ | ᠳᠣᠲᠣᠭᠠᠳᠤ ᠶᠢ ᠬᠠᠮᠠᠭᠠᠯᠠᠬᠤ᠂ ᠬᠠᠤᠯᠢ ᠪᠠᠷᠢᠬᠤ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠪᠠᠶᠢᠳᠠᠯ ᠢ ᠣᠶᠢᠯᠠᠭᠠᠬᠤ ᠪᠠᠷ ᠳᠠᠮᠵᠢᠭᠤᠯᠤᠨ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠢᠲᠡᠭᠡᠮᠵᠢ ᠤᠯᠬᠤ ᠰᠢᠰᠲ᠋ᠧᠮ᠂ ᠳᠤᠮᠳᠠᠳᠤ ᠤᠯᠤᠰ ᠤᠨ ᠬᠦᠢᠴᠡᠳᠭᠡᠭᠦ ᠮᠡᠳᠡᠭᠡ ᠵᠠᠩᠭᠢ ᠶᠢᠨ ᠰᠦᠯᠵᠢᠶ᠎ᠡ᠂ ᠳᠤᠮᠳᠠᠳᠤ ᠤᠯᠤᠰ ᠤᠨ | ᠲᠡᠰᠦᠯᠦᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢ ᠵᠠᠷᠯᠠᠨ ᠨᠡᠶᠢᠲᠡᠯᠡᠬᠦ ᠰᠢᠰᠲ᠋ᠧᠮ ᠵᠡᠷᠭᠡ ᠣᠯᠠᠨ | ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠪᠥᠬᠦ ᠲᠠᠯ᠎ᠠ ᠶᠢᠨ ᠵᠢᠭᠰᠠᠭᠠᠨ | ᠪᠠᠶᠢᠴᠠᠭᠠᠯᠲᠠ ᠬᠢᠵᠦ᠂ ᠠᠵᠢᠯᠲᠠᠨ ᠤ ᠦᠢᠯᠡ ᠠᠵᠢᠯᠯᠠᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠎ᠡ᠃ ᠵᠢᠷᠭᠤᠭ᠎ᠠ ᠳᠤ᠂ ᠢᠯᠡᠴᠢᠯᠡᠨ ᠮᠡᠳᠡᠭᠦᠯᠬᠦ ᠠᠷᠭ᠎ᠠ | ᠵᠠᠮ ᠢ ᠰᠢᠯᠤᠭᠤᠳᠬᠠᠨ᠎ᠠ᠃ ᠠᠵᠢᠯᠲᠠᠨ ᠤ ᠬᠡᠪ ᠤᠨ ᠪᠤᠰᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠲᠤᠰᠬᠠᠬᠤ ᠤᠲᠠᠰᠤ᠂ ᠰᠢᠤᠳᠠᠨ ᠤ ᠬᠠᠶᠢᠷᠴᠠᠭ ᠢ | ᠨᠡᠶᠢᠲᠡᠯᠡᠵᠦ᠂ ᠢᠯᠡᠴᠢᠯᠡᠨ ᠮᠡᠳᠡᠭᠦᠯᠬᠦ ᠬᠠᠶᠢᠷᠴᠠᠭ ᠲᠣᠬᠢᠷᠠᠭᠤᠯᠵᠤ᠂ ᠡᠯ᠎ᠡ ᠵᠦᠢᠯ ᠤᠨ ᠠᠷᠭ᠎ᠠ ᠵᠠᠮ ᠢ ᠬᠦᠢᠴᠡᠳ ᠠᠰᠢᠭᠯᠠᠨ ᠠᠵᠢᠯᠲᠠᠨ ᠤ ᠬᠡᠪ ᠤᠨ ᠪᠤᠰᠤ | ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠣᠶᠢᠯᠠᠭᠠᠨ᠎ᠠ᠃ | ᠲᠣᠰ ᠠᠵᠢᠯ ᠲᠥᠷᠥᠯ ᠳᠤ ᠨᠡᠶᠢᠲᠡ 32 ᠬᠥᠮᠦᠨ ᠢ ᠵᠢᠭᠰᠠᠭᠠᠨ ᠪᠠᠶᠢᠴᠠᠭᠠᠵᠤ᠂ ᠴᠥᠮ ᠬᠡᠪ ᠤᠨ ᠪᠤᠰᠤ ᠠᠵᠢᠯᠯᠠᠭ᠎ᠠ ᠥᠬᠡᠶ᠃ ᠲᠣᠰ ᠤᠳᠠᠭᠠᠨ ᠤ | ᠵᠢᠭᠰᠠᠭᠠᠨ ᠪᠠᠶᠢᠴᠠᠭᠠᠯᠲᠠ ᠪᠠᠷ ᠳᠠᠮᠵᠢᠭᠤᠯᠤᠨ᠂ ᠪᠥᠬᠦ ᠠᠵᠢᠯ ᠲᠥᠷᠥᠯ ᠤᠨ ᠠᠵᠢᠯᠲᠠᠨ ᠤ ᠦᠢᠯᠡ ᠠᠵᠢᠯᠯᠠᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ | ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠭᠰᠠᠨ ᠮᠥᠷᠲᠡᠭᠡᠨ ᠪᠠᠰᠠ ᠠᠵᠢᠯᠲᠠᠨ ᠤ ᠬᠠᠤᠯᠢ ᠰᠠᠬᠢᠯᠭ᠎ᠠ ᠶᠢ ᠰᠠᠬᠢᠬᠤ᠂ ᠲᠣᠭᠲᠠᠭᠠᠯ ᠳᠤ ᠨᠡᠶᠢᠴᠡᠭᠦᠯᠦᠨ ᠠᠵᠢᠯ ᠡᠷᠭᠢᠯᠡᠬᠦ | ᠤᠬᠠᠮᠰᠠᠷ ᠢ ᠳᠡᠭᠡᠭᠰᠢᠯᠡᠭᠦᠯᠵᠦ᠂ ᠪᠥᠬᠦ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ |