ᠣᠶᠢᠷ᠎ᠠ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠵᠢᠯᠯᠠᠬᠤ ᠳᠤᠭᠤᠶᠢᠯᠠᠩ ᠵᠣᠬᠢᠶᠠᠨ ᠪᠠᠶᠢᠭᠤᠯᠵᠤ ᠤᠷᠠᠳ ᠤᠨ ᠡᠮᠦᠨᠡᠲᠦ | ᠬᠤᠰᠢᠭᠤᠨ ᠤ 2021 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ | ᠰᠢᠯᠭᠠᠨ ᠬᠤᠷᠢᠶᠠᠵᠤ ᠡᠬᠢᠯᠡᠪᠡ᠃ | ᠣᠶᠢᠯᠠᠭᠠᠭᠰᠠᠨ ᠢᠶᠠᠷ᠂ ᠤᠷᠠᠳ ᠤᠨᠡᠮᠦᠨᠡᠲᠦ ᠬᠤᠰᠢᠭᠤ ᠪᠣᠯ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠠᠬᠢ ᠡᠭᠦᠷᠭᠡ ᠪᠠᠷ ᠬᠠᠮᠤᠭ ᠤᠨ ᠶᠡᠭᠡ ᠬᠤᠰᠢᠭᠤ ᠰᠢᠶᠠᠨ ᠪᠣᠯᠤᠨ᠎ᠠ᠃ 19 ᠲᠥᠷᠥᠯ ᠵᠦᠢᠯ ᠤᠨ ᠲᠣᠭᠤᠷᠢᠭ ᠨᠢ ᠰᠢᠨ ᠠᠨ | ᠪᠠᠯᠭᠠᠰᠤ᠂ ᠪᠠᠷᠠᠭᠤᠨ ᠪᠠᠭ᠎ᠠ ᠵᠣᠣ ᠪᠠᠯᠭᠠᠰᠤ᠂ ᠰᠢᠶᠠᠨ ᠹᠧᠩ ᠪᠠᠯᠭᠠᠰᠤ᠂ ᠮᠣᠨᠠ ᠠᠭᠤᠯᠠ ᠪᠠᠯᠭᠠᠰᠤ᠂ ᠶᠡᠭᠡ ᠰᠢᠭᠡᠲᠡᠶ ᠪᠠᠯᠭᠠᠰᠤ᠂ ᠮᠢᠩᠭᠠᠨ ᠪᠠᠯᠭᠠᠰᠤ᠂ | ᠡᠷᠳᠡᠨᠢᠪᠤᠯᠠᠭ ᠰᠤᠮᠤ᠂ ᠪᠠᠶᠠᠨᠬᠤᠸᠠ ᠪᠠᠯᠭᠠᠰᠤ᠂ ᠰᠢᠨ ᠠᠨ ᠲᠠᠷᠢᠶᠠᠯᠠᠩ ᠤᠨ ᠲᠠᠯᠠᠪᠠᠶ᠂ ᠰᠢ ᠱᠠᠨ ᠽᠦᠶ ᠲᠠᠷᠢᠶᠠᠯᠠᠩ ᠤᠨ ᠲᠠᠯᠠᠪᠠᠶ᠂ ᠰᠤᠳᠠᠯ ᠤᠨ ᠬᠤᠳᠳᠤᠭ | ᠲᠠᠷᠢᠶᠠᠯᠠᠩ ᠤᠨ ᠲᠠᠯᠠᠪᠠᠶ᠂ ᠵᠥᠩ ᠲᠠᠨ ᠲᠠᠷᠢᠶᠠᠯᠠᠩ ᠤᠨ ᠲᠠᠯᠠᠪᠠᠶ ᠵᠡᠷᠭᠡ 12 ᠰᠤᠮᠤ ᠪᠠᠯᠭᠠᠰᠤ ᠪᠠ ᠲᠠᠷᠢᠶᠠᠯᠠᠩ ᠤᠨ ᠲᠠᠯᠠᠪᠠᠶ ᠪᠠᠷ ᠲᠠᠷᠬᠠᠵᠤ᠂ ᠨᠡᠶᠢᠲᠡ 26.5 | ᠲᠦᠮᠡᠨ ᠮᠥ ᠪᠥᠲᠥᠭᠡᠨ ᠪᠠᠶᠢᠭᠤᠯᠵᠤ᠂ 3.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ | 2021 ᠣᠨ ᠳᠤ᠂ ᠤᠷᠠᠳ ᠤᠨ ᠡᠮᠦᠨᠡᠲᠦ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠬᠤ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠪᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠴᠢᠬᠤᠯᠠ ᠠᠷᠭ᠎ᠠ | ᠬᠡᠮᠵᠢᠶ᠎ᠡ ᠪᠣᠯᠭᠠᠪᠠ᠃ ᠲᠥᠷᠥᠯ ᠵᠦᠢᠯ ᠤᠨ ᠣᠷᠣᠨ ᠳᠤ ᠴᠥᠮ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠰᠢᠨ᠎ᠡ ᠪᠠᠷ ᠪᠠᠶᠢᠭᠤᠯᠬᠤ︾ | ᠴᠡᠭᠴᠡᠯᠡᠨ ᠵᠠᠰᠠᠬᠤ ᠵᠠᠭᠪᠤᠷ ᠢ ᠬᠡᠷᠡᠭᠵᠢᠭᠦᠯᠪᠡ᠃ ᠲᠤᠬᠠᠶᠢᠯᠠᠪᠠᠯ ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ᠂ ᠡᠮᠬᠢ ᠵᠠᠮᠪᠠᠷᠠᠭ᠎ᠠ ᠥᠬᠡᠶ ᠭᠠᠵᠠᠷ | ᠰᠢᠷᠣᠶ ᠶᠢᠨ ᠵᠠᠭᠠᠭ᠂ ᠡᠮᠬᠢ ᠵᠠᠮᠪᠠᠷᠠᠭ᠎ᠠ ᠥᠬᠡᠶ ᠰᠤᠪᠠᠭ ᠵᠠᠮ ᠢ ᠳᠠᠬᠢᠨ ᠲᠣᠭᠳᠠᠭᠠᠵᠤ᠂ ᠨᠢᠭᠡᠳᠦᠯᠲᠡᠶ ᠪᠠᠷ ᠰᠤᠪᠠᠭ ᠮᠠᠯᠲᠠᠵᠤ᠂ ᠨᠢᠭᠡᠳᠦᠯᠲᠡᠶ ᠪᠠᠷ ᠵᠠᠮ ᠵᠠᠰᠠᠵᠤ᠂ | ᠨᠢᠭᠡᠳᠦᠯᠲᠡᠶ ᠪᠠᠷ ᠮᠣᠳᠣ ᠳᠠᠷᠢᠵᠤ ᠣᠶᠢᠵᠢᠭᠤᠯᠤᠨ᠂ ᠨᠢᠭᠡᠳᠦᠯᠲᠡᠶ ᠪᠠᠷ ᠭᠠᠵᠠᠷ ᠰᠢᠷᠣᠶ ᠶᠢ ᠲᠡᠭᠰᠢᠯᠡᠵᠦ᠂ ᠨᠢᠭᠡᠳᠦᠯᠲᠡᠶ ᠪᠠᠷ ᠭᠠᠵᠠᠷ ᠰᠢᠷᠣᠶ ᠶᠢ ᠬᠤᠪᠢᠶᠠᠷᠢᠯᠠᠵᠤ᠂ | ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠤ ᠳᠠᠷᠠᠭ᠎ᠠ ᠳᠠᠭᠢᠵᠤ ᠬᠤᠪᠢᠶᠠᠷᠢᠯᠠᠨ ᠡᠵᠡᠩᠨᠡᠪᠡ᠃ | ᠣᠳᠣᠬᠠᠨ ᠪᠣᠯᠲᠠᠯ᠎ᠠ᠂ ᠲᠥᠷᠥᠯ ᠵᠦᠢᠯ ᠤᠨ ᠣᠷᠣᠨ ᠳᠤ ᠨᠡᠶᠢᠲᠡ 443.2 ᠲᠦᠮᠡᠨ ᠪᠣᠰᠤᠭ᠎ᠠ ᠳᠥᠷᠪᠡᠯᠵᠢᠨ ᠮᠧᠲᠷ ᠭᠠᠵᠠᠷ ᠰᠢᠷᠣᠶ ᠶᠢ ᠲᠡᠭᠰᠢᠯᠡᠵᠦ᠂ | 240.45 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠶ ᠬᠤᠷᠠᠮᠳᠤᠭᠤᠯᠤᠨ ᠭᠠᠳᠠᠭᠰᠢ ᠵᠥᠭᠡᠭᠡᠪᠦᠷᠢᠯᠡᠵᠦ᠂ 1404.98 ᠺᠢᠯᠣᠮᠧᠲᠷ ᠰᠤᠪᠠᠭ ᠢ ᠴᠡᠭᠴᠡᠯᠡᠨ | ᠵᠠᠰᠠᠵᠤ᠂ 137.31 ᠺᠢᠯᠣᠮᠧᠲᠷ ᠤᠨ ᠤᠰᠤᠨ ᠰᠤᠪᠠᠭ ᠢ ᠳᠣᠲᠣᠷᠯᠠᠨ ᠵᠠᠰᠠᠵᠤ᠂ 830.743 ᠺᠢᠯᠣᠮᠧᠲᠷ ᠤᠨ ᠵᠠᠮ ᠤᠨ ᠪᠠᠷᠢᠯᠭ᠎ᠠ ᠪᠠᠷᠢᠵᠤ᠂ 89 ᠤᠰᠤᠨ | ᠰᠤᠷᠪᠤᠯᠵᠢ ᠶᠢᠨ ᠬᠤᠳᠳᠤᠭ ᠤᠨ ᠬᠡᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠵᠠᠰᠠᠵᠤ᠂ 203 ᠢᠵᠢ ᠠᠩᠬᠠᠨ ᠤ ᠵᠠᠩᠭᠢᠯᠠᠭ᠎ᠠ ᠶᠢᠨ ᠪᠠᠷᠢᠯᠭ᠎ᠠ ᠶᠢ | ᠤᠭᠰᠠᠷᠠᠵᠤ᠂ 3387 ᠢᠵᠢ ᠤᠰᠤᠯᠠᠵᠤ ᠤᠰᠤ ᠵᠠᠯᠠᠬᠤ ᠪᠠᠷᠢᠯᠭ᠎ᠠ ᠶᠢᠨ ᠪᠠᠷᠢᠯᠭ᠎ᠠ ᠶᠢ ᠪᠡᠶᠡᠯᠡᠭᠦᠯᠵᠦ᠂ 515.145 ᠺᠢᠯᠣᠮᠧᠲᠷ ᠤᠨ ᠭᠠᠵᠠᠷ ᠳᠤᠤᠷᠠᠬᠢ ᠤᠰᠤ | ᠳᠠᠮᠵᠢᠭᠤᠯᠬᠤ ᠬᠤᠭᠤᠯᠠᠶ ᠤᠭᠰᠠᠷᠠᠵᠤ᠂ 9.204 ᠺᠢᠯᠣᠮᠧᠲᠷ ᠤᠨ ᠴᠠᠬᠢᠯᠭᠠᠨ ᠳᠠᠮᠵᠢᠭᠤᠯᠬᠤ ᠱᠤᠭᠤᠮ ᠵᠡᠷᠭᠡ ᠶᠢ ᠪᠡᠶᠡᠯᠡᠭᠦᠯᠪᠡ᠃ ᠶᠡᠬᠡᠪᠡᠷ ᠬᠤᠪᠢᠷᠠᠭᠤᠯᠵᠤ | ᠶᠡᠬᠡᠪᠡᠷ ᠪᠠᠶᠢᠭᠤᠯᠬᠤ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠲᠠᠷᠢᠶᠠᠨ ᠭᠠᠵᠠᠷ ᠤᠨ ᠭᠠᠮᠰᠢᠭ ᠢ ᠡᠰᠡᠷᠭᠦᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ | ᠢᠯᠡᠷᠬᠡᠶ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ ᠤᠰᠤᠯᠠᠬᠤ ᠪᠠ ᠤᠰᠤ ᠵᠠᠯᠠᠬᠤ ᠴᠢᠳᠠᠪᠤᠷᠢ ᠪᠣᠯᠤᠨ ᠲᠠᠷᠢᠶᠠᠯᠠᠩ ᠤᠨ ᠮᠠᠰᠢᠨ ᠤ ᠠᠵᠢᠯᠯᠠᠬᠤ ᠴᠢᠳᠠᠪᠤᠷᠢ ᠶᠢ | ᠪᠦᠲᠦᠮᠵᠢᠲᠡᠶ ᠰᠠᠶᠢᠵᠢᠷᠠᠭᠤᠯᠵᠤ᠂ ᠮᠦ ᠪᠦᠷᠢ ᠶᠢᠨ ᠭᠠᠵᠠᠷ ᠰᠢᠷᠣᠶ ᠶᠢᠨ ᠡᠷᠭᠢᠯᠲᠡ ᠶᠢᠨ ᠵᠠᠷᠤᠳᠠᠯ ᠢ ᠨᠡᠶᠢᠳᠡᠮ ᠳᠤᠨᠢ 700 ᠲᠥᠭᠦᠷᠢᠭ ᠠᠴᠠ 900 ᠲᠥᠭᠦᠷᠢᠭ ᠲᠤ | ᠬᠦᠷᠦᠭᠦᠯᠬᠦ ᠪᠣᠯᠤᠨ᠎ᠠ᠃ |