ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2022 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/10
       8 ᠰᠠᠷ᠎ᠠ ᠶᠢᠨ 8 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ 2022 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠶᠠᠷᠢᠯᠴᠠᠬᠤ ᠬᠤᠷᠠᠯ ᠬᠢᠪᠠ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠢᠶᠠᠨ ᠶᠦᠩ ᠴᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠭᠤᠤ ᠯᠸᠢ ᠵᠢᠴᠢ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠵᠥᠪᠯᠡᠯ᠂ ᠠᠵᠢᠯ ᠲᠥᠷᠥᠯ ᠤᠨ ᠰᠢᠰᠲ᠋ᠧᠮ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ᠡᠩ ᠲᠡᠷᠢᠭᠦᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠵᠥᠪᠯᠡᠯ ᠤᠨ 2022 ᠣᠨ ᠤ ᠠᠵᠢᠯ ᠤᠨ ᠭᠤᠤᠯᠳᠠᠯᠭ᠎ᠠ ᠶᠢ ᠮᠡᠳᠡᠭᠳᠡᠵᠦ᠂ ︽ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠵᠥᠪᠯᠡᠯ ᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠯᠴᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠩᠰᠢᠨ ᠨᠡᠶᠢᠲᠡᠯᠡᠵᠦ᠂ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠭᠤᠤᠯ ᠪᠣᠯᠬᠤ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠠᠵᠤ ᠠᠬᠤᠶ ᠶᠢᠨ ᠠᠵᠢᠯᠯᠠᠭᠠᠨ ᠤ ᠣᠨᠴᠠᠯᠢᠭ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ ᠦᠵᠡᠬᠦ ᠨᠢ᠂ ᠡᠨᠡ ᠵᠢᠯ ᠠᠴᠠ ᠨᠠᠭᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠬᠤᠰᠢᠭᠤ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠵᠤ ᠠᠬᠤᠶ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠵᠦ᠂ ᠪᠦᠬᠦᠯᠢ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠪᠠ ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠡᠳ᠋ ᠤᠨ ᠵᠠᠰᠠᠭ  ᠤᠨ ᠣᠷᠣᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠵᠠᠷᠤᠯᠭ᠎ᠠ ᠶᠢᠨ ᠲᠥᠰᠦᠪ ᠢ ᠵᠣᠬᠢᠰᠲᠠᠢ ᠲᠤᠬᠢᠷᠠᠭᠤᠯᠤᠨ᠂ ᠲᠥᠰᠦᠪ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠬᠤ ᠬᠡᠷᠡᠭᠲᠡᠢ᠃ ᠪᠦᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠤ ᠴᠣᠭᠴᠠ ᠶᠢᠨ ᠠᠵᠤ ᠠᠬᠤᠶ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ ᠤᠨ ᠡᠯ᠎ᠡ ᠵᠦᠢᠯ ᠤᠨ ᠭᠠᠶᠢᠯᠢ ᠶᠢ ᠬᠥᠩᠭᠡᠷᠡᠭᠦᠯᠵᠦ ᠰᠦᠢᠳᠭᠡᠯ ᠢ ᠪᠠᠭᠤᠷᠠᠭᠤᠯᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠥᠨᠳᠥᠷ ᠪᠦᠲᠦᠮᠵᠢᠲᠡᠶ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ ᠡᠷᠡᠭᠦᠯ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ