ᠰᠢ ᠶᠢᠨ ᠫᠢᠩ ᠮᠠᠯᠲ᠋ᠠ ᠳᠤᠮᠳᠠᠳᠤ ᠰᠤᠷᠭᠠᠭᠤᠯᠢ ᠶᠢᠨ ︽ᠳᠤᠮᠳᠠᠳᠤ ᠤᠯᠤᠰ ᠤᠨ ᠪᠤᠯᠤᠩ︾ ᠤᠨ ᠪᠠᠭᠰᠢ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2022/8/11
      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 9 ᠤ ᠴᠠᠬᠢᠯᠭᠠᠨ ᠮᠡᠳᠡᠭᠡ ᠤᠢᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠲ᠋ᠠ ᠶᠢᠨ ᠰᠠᠨᠲ ᠮᠠᠷᠭᠠᠷᠧᠲ ᠳᠤᠮᠳᠠᠳᠤ ᠰᠤᠷᠭᠠᠭᠤᠯᠢ ᠶᠢᠨ ︽ᠳᠤᠮᠳᠠᠳᠤ ᠤᠯᠤᠰ ᠤᠨ ᠪᠤᠯᠤᠩ︾ ᠤᠨ ᠪᠠᠭᠰᠢ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ᠂ ᠮᠠᠯᠲ᠋ᠠ ᠶᠢᠨ ᠵᠠᠯᠠᠭᠤᠴᠤᠳ ᠪᠠᠭᠠᠴᠤᠳ ᠤᠨ ᠳᠤᠮᠳᠠᠳᠤ ᠮᠠᠯᠲ᠋ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃      ᠰᠢ ᠶᠢᠨ ᠫᠢᠩ᠂ ᠳᠤᠮᠳᠠᠳᠤ ᠮᠠᠯᠲ᠋ᠠ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠰᠠᠨᠲ ᠮᠠᠷᠭᠠᠷᠧᠲ ᠳᠤᠮᠳᠠᠳᠤ ᠰᠤᠷᠭᠠᠭᠤᠯᠢ ᠶᠢᠨ ︽ᠳᠤᠮᠳᠠᠳᠤ ᠤᠯᠤᠰ ᠤᠨ ᠪᠤᠯᠤᠩ︾ ᠨᠢ ᠮᠠᠯᠲ᠋ᠠ ᠶᠢᠨ ᠵᠠᠯᠠᠭᠤᠴᠤᠳ ᠪᠠᠭᠠᠴᠤᠳ ᠤᠨ ᠳᠤᠮᠳᠠᠳᠤ ᠤᠯᠤᠰ ᠤᠨ ᠲᠤᠬᠠᠶ ᠣᠶᠢᠯᠠᠭᠠᠯᠲᠠ ᠶᠢ ᠨᠡᠮᠡᠭᠳᠡᠭᠦᠯᠬᠦ᠂ ᠳᠤᠮᠳᠠᠳᠤ ᠮᠠᠯᠲ᠋ᠠ ᠶᠢᠨ ᠨᠥᠬᠦᠷᠯᠡᠯ ᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ︽ᠳᠤᠮᠳᠠᠳᠤ ᠤᠯᠤᠰ ᠤᠨ ᠪᠤᠯᠤᠩ︾ ᠤᠯᠠᠮ ᠠᠴᠠ ᠤᠯᠠᠮ ᠰᠠᠶᠢᠨ ᠪᠣᠯᠬᠤ ᠶᠢ ᠬᠦᠰᠡᠵᠦ ᠪᠠᠶᠢᠨ᠎ᠠ᠂ ᠪᠠᠭᠰᠢ ᠰᠤᠷᠤᠭᠴᠢᠳ ᠤᠨ ᠳᠤᠮᠳᠠᠳᠤ ᠤᠯᠤᠰ ᠲᠤ ᠢᠷᠡᠵᠦ ᠰᠣᠯᠢᠯᠴᠠᠭ᠎ᠠ ᠬᠢᠵᠦ ᠰᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠡᠯᠡᠬᠡᠶ ᠳ᠋ᠠᠬᠢᠨ ᠢᠶᠠᠷ ᠢᠶᠠᠨ ᠡᠪ ᠨᠢᠭᠡᠳᠦᠯ ᠲᠠᠢ᠂ ᠤᠯᠠᠨ ᠤᠯᠤᠰ ᠤᠳ ᠡᠶ᠎ᠡ ᠨᠠᠶᠢᠷᠠᠮᠳᠠᠭᠤ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠡᠷᠲᠡᠨ ᠠᠴᠠ ᠨᠠᠭᠠᠰᠢᠬᠢ ᠬᠥᠮᠦᠨ ᠲᠥᠷᠥᠯᠬᠢᠲᠡᠨ ᠤ ᠨᠡᠶᠢᠭᠡᠮ ᠤᠨ ᠲᠤᠬᠠᠶ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ ᠪᠠᠰᠠ ᠴᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠳᠤ ᠠᠭᠤᠯᠤᠭᠳᠠᠵᠤ ᠪᠠᠶᠢᠭ᠎ᠠ ᠰᠣᠶᠣᠯ ᠤᠨ ᠡᠬᠢ ᠰᠤᠷᠪᠤᠯᠵᠢ ᠮᠥᠨ᠃ ᠪᠢᠳᠡᠨ ᠤ ᠠᠮᠢᠳᠤᠷᠠᠵᠤ ᠪᠠᠶᠢᠭ᠎ᠠ ᠳᠡᠯᠡᠬᠡᠢ ᠳᠤ ᠲᠡᠦᠬᠡ ᠪᠣᠯᠤᠨ ᠪᠣᠳᠠᠲᠤ ᠠᠬᠤᠢ ᠰᠣᠯᠪᠢᠴᠠᠵᠤ᠂ ᠬᠦᠰᠡᠯ ᠡᠷᠡᠮᠡᠯᠵᠡᠯ ᠪᠣᠯᠤᠨ ᠥᠷᠢᠰᠥᠯᠳᠦᠭᠡᠨ ᠵᠡᠷᠭᠡ ᠪᠠᠷ ᠣᠷᠣᠰᠢᠵᠤ᠂ ᠬᠥᠮᠦᠨ ᠲᠥᠷᠥᠯᠬᠢᠲᠡᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠭᠠᠭᠴᠠ ᠬᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠪᠡᠯ ᠰᠠᠶ᠋ᠢ ᠬᠥᠮᠦᠨ ᠲᠥᠷᠥᠯᠬᠢᠲᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ ᠴᠢᠳᠠᠨ᠎ᠠ᠃ ᠪᠦᠬᠦ ᠪᠥᠮᠪᠥᠷᠴᠡᠭ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠤᠯᠤᠰ ᠤᠨ ᠠᠮᠤᠷ ᠲᠦᠪᠰᠢᠨ ᠤ ᠥᠷᠢᠰᠥᠯᠳᠦᠭᠡᠨ ᠢ ᠠᠷᠭᠠᠴᠠᠭᠠᠬᠤ ᠶᠢᠨ ᠲᠥᠯᠥᠭᠡ᠂ ᠳᠤᠮᠳᠠᠳᠤ ᠤᠯᠤᠰ ᠤᠷᠢᠳ ᠬᠤᠵᠢᠳ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠴᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠵᠢᠯ ᠪᠣᠯ ᠳᠤᠮᠳᠠᠳᠤ ᠮᠠᠯᠲ᠋ᠠ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠂ ᠬᠤᠶᠠᠷ ᠤᠯᠤᠰ ᠤᠨ ᠬᠠᠷᠢᠯᠴᠠᠭ᠎ᠠ ᠨᠢᠭᠡᠨᠲᠡ ᠠᠳᠠᠯᠢ ᠪᠤᠰᠤ ᠲᠡᠦᠬᠡ᠂ ᠠᠳᠠᠯᠢ ᠪᠤᠰᠤ ᠰᠣᠶᠣᠯ ᠪᠦᠬᠦᠢ ᠤᠯᠤᠰ ᠤᠨ ᠨᠥᠬᠦᠷᠰᠡᠭ ᠶᠠᠪᠤᠯᠴᠠᠭᠠᠨ ᠤ ᠬᠡᠪ ᠳᠠᠭᠤᠷᠢᠶᠠᠯ ᠪᠣᠯᠵᠠᠢ᠃ ᠮᠠᠯᠲ᠋ᠠ ᠶᠢᠨ ᠨᠡᠩ ᠣᠯᠠᠨ ᠪᠠᠭᠰᠢ ᠰᠤᠷᠤᠭᠴᠢᠳ ᠪᠣᠯᠤᠨ ᠵᠠᠯᠠᠭᠤᠴᠤᠳ ᠪᠠᠭᠠᠴᠤᠳ ᠳᠤᠮᠳᠠᠳᠤ ᠮᠠᠯᠲ᠋ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠳᠤ ᠢᠳᠡᠪᠬᠢᠲᠡᠶ ᠣᠷᠣᠯᠴᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠶᠢᠨ ᠠᠬᠢᠭᠤᠯᠤᠭᠴᠢ ᠪᠠ ᠠᠷᠠᠳ ᠲᠦᠮᠡᠨ ᠤ ᠨᠥᠬᠦᠷᠯᠡᠯ ᠤᠨ ᠵᠠᠯᠭᠠᠮᠵᠢᠯᠠᠭᠴᠢ ᠪᠣᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠰᠠᠨᠲ ᠮᠠᠷᠭᠠᠷᠧᠲ ᠳᠤᠮᠳᠠᠳᠤ ᠰᠤᠷᠭᠠᠭᠤᠯᠢ ᠪᠣᠯ ᠮᠠᠯᠲ᠋ᠠ ᠶᠢᠨ ᠶᠡᠷᠦᠩᠬᠡᠶᠢᠯᠡᠭᠰᠡᠨ ᠴᠢᠨᠠᠷᠲᠠᠶ ᠠᠯᠪᠠᠨ ᠠᠴᠠ ᠡᠷᠭᠢᠯᠡᠭᠰᠡᠨ ᠰᠤᠷᠭᠠᠭᠤᠯᠢ ᠪᠣᠯᠤᠨ᠎ᠠ᠂ 2010 ᠣᠨ ᠳᠤ ᠳᠤᠮᠳᠠᠳᠤ ᠶᠢᠨ ᠲᠠᠯ᠎ᠠ ᠶᠢᠨ ᠳᠡᠮᠵᠢᠯᠭᠡ ᠳᠤᠤᠷ᠎ᠠ ︽ᠳᠤᠮᠳᠠᠳᠤ ᠤᠯᠤᠰ ᠤᠨ ᠪᠤᠯᠤᠩ︾ ᠢ ᠡᠭᠦᠳᠦᠨ ᠪᠠᠶᠢᠭᠤᠯᠪᠠ᠃ ᠲᠦᠷᠦᠭᠦᠬᠡᠨ ᠳᠤ᠂ ᠲᠤᠰ ᠰᠤᠷᠭᠠᠭᠤᠯᠢ ᠶᠢᠨ ︽ᠳᠤᠮᠳᠠᠳᠤ ᠤᠯᠤᠰ ᠤᠨ ᠪᠤᠯᠤᠩ︾ ᠤᠨ ᠪᠠᠭᠰᠢ ᠰᠤᠷᠤᠭᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠰᠣᠶᠣᠯ ᠢ ᠪᠠᠭ᠋ᠠᠷᠬᠠᠵᠤ ᠪᠠᠶᠢᠬᠤ ᠪᠠᠨ ᠢᠯᠡᠳᠭᠡᠵᠦ᠂ ︽ᠶᠣᠰᠣᠯᠠᠯᠳᠤ ᠨᠤᠮ︾ ᠳᠠᠬᠢ ︽ᠪᠣᠭᠳᠠ ᠮᠡᠷᠭᠡᠳ ᠳᠡᠯᠡᠬᠡᠢ ᠳ᠋ᠠᠬᠢᠨ ᠢ ᠨᠢᠭᠡ ᠭᠡᠷ ᠤᠨ ᠬᠦᠮᠦᠨ ᠮᠡᠲᠦ ᠲᠤᠳᠤᠨᠤ ᠪᠣᠯᠭᠠᠨ᠎ᠠ︾ ᠭᠡᠬᠦ ᠪᠠᠷ ᠡᠰᠢ ᠲᠠᠲᠠᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠢᠳᠡᠪᠬᠢᠲᠡᠢ ᠦᠨᠡᠯᠡᠵᠦ᠂ ᠮᠠᠯᠲ᠋ᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠵᠥᠩᠨᠡᠵᠦ᠂ ᠳᠤᠷᠠᠲᠠᠶ᠎ᠠ ᠮᠠᠯᠲ᠋ᠠ ᠳᠤᠮᠳᠠᠳᠤ ᠶᠢᠨ ᠰᠣᠶᠣᠯ ᠤᠨ ᠰᠣᠯᠢᠯᠴᠠᠭ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ