ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠲᠣᠪᠤᠶᠢᠮ᠎ᠠ ᠠᠰᠠᠭᠤᠳᠠᠯ ᠢ ᠪᠠᠶᠢᠴᠠᠭᠠᠨ ᠵᠠᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯ ᠤᠨ ᠲᠦᠪᠰᠢᠨ ᠢ ᠳᠡᠭᠡᠭᠰᠢᠯᠡᠭᠦᠯᠬᠦ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/11
       ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠲᠣᠪᠤᠶᠢᠮ᠎ᠠ ᠠᠰᠠᠭᠤᠳᠠᠯ ᠢ ᠪᠠᠶᠢᠴᠠᠭᠠᠨ ᠵᠠᠳᠠᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠬᠦ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠬᠠᠷᠢᠭᠤᠴᠠᠯᠭᠠᠲᠠᠨ ᠸᠠᠩ ᠱᠦᠸᠧ ᠰᠢ ᠡᠷᠬᠢᠯᠡᠵᠦ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠡᠩ ᠲᠡᠷᠢᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠬᠠᠤᠯᠢᠵᠢᠯ ᠤᠨ ᠪᠠᠶᠢᠭᠤᠯᠤᠯᠲᠠ ᠶᠢᠨ ︽ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ︾᠂ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠠᠢ᠃       ᠳᠠᠷᠠᠭ᠎ᠠ ᠨᠢ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ︽ᠲᠣᠪᠤᠶᠢᠮ᠎ᠠ ᠠᠰᠠᠭᠤᠳᠠᠯ ᠢ ᠪᠠᠶᠢᠴᠠᠭᠠᠨ ᠦᠵᠡᠵᠦ ᠵᠠᠳᠠᠯᠤᠨ ᠰᠢᠨᠵᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠤᠰᠬᠠᠶ ᠰᠡᠳᠦᠪ ᠢᠶᠠᠷ ᠰᠤᠷᠤᠯᠴᠠᠨ ᠶᠠᠷᠢᠯᠴᠠᠭᠰᠠᠨ ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠭᠤᠤᠯ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ ᠠᠴᠠ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠵᠡᠶ᠃       ᠸᠠᠩ ᠱᠦᠸᠧ ᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠄ ᠨᠢᠭᠡ ᠳᠤ᠂ ᠲᠤᠰᠬᠠᠶ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠢ ᠦᠨᠡᠨ ᠬᠦ ᠲᠠᠨᠢᠵᠤ᠂ ᠲᠤᠰᠬᠠᠶ ᠠᠵᠢᠯᠯᠠᠭ᠎ᠠ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠶ ᠠᠳᠬᠤᠨ᠂ ᠦᠷ᠎ᠡ ᠪᠦᠲᠦᠮᠵᠢ ᠭᠠᠷᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠣᠷᠴᠢᠨ ᠲᠣᠭᠤᠷᠢᠨ ᠳᠤ ᠰᠠᠭᠤᠷᠢᠯᠠᠨ᠂ ᠡᠬᠢ ᠡᠭᠦᠰᠦᠯ ᠠᠴᠠ ᠨᠢ ᠠᠳᠬᠤᠵᠤ᠂ ᠠᠰᠠᠭᠤᠳᠠᠯ ᠬᠦᠷᠦᠯᠴᠡᠬᠦ ᠥᠬᠡᠶ ᠲᠠᠯ᠎ᠠ ᠳᠤ ᠵᠥᠪ ᠢᠶᠠᠷ ᠬᠠᠨᠳᠤᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠯᠭᠠᠮ ᠪᠣᠳᠣᠯ ᠢᠶᠠᠨ ᠴᠢᠩᠭᠠᠳᠬᠠᠨ᠎ᠠ᠃ ᠬᠤᠶᠠᠷ ᠲᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠭᠤᠣᠯᠳᠠᠯᠭ᠎ᠠ ᠶᠢ ᠲᠤᠪᠤᠶᠢᠯᠭᠠᠬᠤ᠂ ᠨᠠᠷᠢᠨ ᠵᠦᠢᠯᠡᠰ ᠠᠴᠠ ᠡᠬᠢᠯᠡᠨ ᠠᠳᠬᠤᠬᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠬᠦ᠂ ᠬᠠᠤᠯᠢ ᠬᠡᠷᠡᠭᠵᠢᠭᠦᠯᠬᠦ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ