ᠪᠠᠷᠠᠭᠤᠨ ᠪᠠᠭ᠎ᠠ ᠵᠤᠤ ᠪᠠᠯᠭᠠᠰᠤ ᠭᠠᠮᠰᠢᠭ ᠤᠨ ᠳᠠᠷᠠᠭᠠᠬᠢ  ᠡᠪᠳᠡᠭᠳᠡᠭᠰᠡᠨ ᠵᠠᠮ ᠢ ᠵᠠᠪᠳᠤᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2022/8/12
       8 ᠰᠠᠷ᠎ᠠ ᠶᠢᠨ 1 ᠤ ᠣᠷᠣᠶ᠂ ᠪᠠᠷᠠᠭᠤᠨ ᠪᠠᠭ᠎ᠠ ᠵᠣᠣ ᠪᠠᠯᠭᠠᠰᠤ ᠰᠢᠷᠦᠭᠦᠨ ᠪᠣᠷᠣᠭᠠᠨ ᠳᠤ ᠳᠠᠭᠠᠷᠢᠭᠳᠠᠵᠤ᠂ ᠬᠢᠯᠢ ᠶᠢᠨ ᠳᠣᠲᠣᠷᠠᠬᠢ 5 ᠴᠠᠭ ᠤᠨ ᠦᠷᠭᠦᠯᠵᠢᠯᠡᠭᠰᠡᠨ ᠪᠣᠷᠣᠭᠠᠨ ᠤ ᠬᠡᠮᠵᠢᠶ᠎ᠡ 100 ᠮᠢᠯᠢᠮᠧᠲᠷ ᠠᠴᠠ ᠳᠡᠭᠡᠭᠰᠢ ᠳᠤ ᠬᠦᠷᠴᠦ᠂ ᠣᠯᠠᠨ ᠭᠠᠵᠠᠷ ᠲᠤ ᠵᠠᠮ ᠴᠥᠮᠥᠷᠡᠬᠦ ᠵᠠᠮ ᠲᠠᠰᠣᠷᠠᠬᠤ ᠵᠡᠷᠭᠡ ᠶᠡᠭᠡ ᠬᠡᠪᠴᠢᠶᠡᠨ ᠤ ᠡᠪᠳᠡᠭᠳᠡᠯ ᠳᠤ ᠤᠴᠠᠷᠠᠵᠤ᠂ ᠠᠵᠤ ᠠᠬᠤᠶ ᠶᠢᠨ ᠬᠤᠬᠢᠷᠠᠯ ᠮᠠᠰᠢ ᠶᠡᠭᠡ ᠪᠣᠯᠵᠣ᠂ ᠵᠠᠮ ᠨᠡᠪᠲᠡᠷᠡᠯᠭᠡ ᠶᠢ ᠬᠦᠨᠳᠦ ᠨᠣᠴᠢᠲᠠᠶ ᠨᠦᠯᠦᠭᠡᠯᠡᠨ᠂ ᠠᠷᠠᠳ ᠣᠯᠠᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠪᠠ ᠬᠡᠪ ᠤᠨ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃      ᠭᠠᠮᠰᠢᠭ ᠤᠨ ᠳᠠᠷᠠᠭ᠎ᠠ᠂  ᠪᠠᠯᠭᠠᠰᠣᠨ ᠠᠴᠠ ᠬᠢᠯᠢ ᠶᠢᠨ ᠳᠣᠲᠣᠷᠠᠬᠢ ᠣᠯᠠᠨ ᠵᠠᠮ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ  ᠰᠦᠢᠳᠦᠭᠰᠡᠨ ᠪᠠᠶᠢᠳᠠᠯ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠬᠦᠴᠦᠨ ᠢᠶᠠᠨ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠬᠠᠮᠢᠶ᠎ᠠ ᠪᠥᠬᠦᠶ ᠲᠣᠰᠬᠤᠨ ᠤ ᠵᠥᠪᠯᠡᠯ ᠲᠠᠢ ᠬᠠᠮᠲᠤᠷᠠᠨ ᠨᠤᠷᠠᠵᠤ ᠶᠡᠭᠦᠷᠡᠭᠰᠡᠨ ᠭᠠᠵᠠᠷ ᠲᠤ ᠲᠡᠷᠡ ᠳᠠᠷᠤᠶ ᠳᠤᠨᠢ ᠬᠦᠷᠴᠦ᠂ ᠰᠡᠷᠡᠮᠵᠢᠯᠡᠭᠦᠯᠬᠦ  ᠪᠣᠳᠠᠰ ᠲᠠᠯᠪᠢᠵᠣ᠂ ᠲᠣᠰᠬᠤᠨ ᠤ ᠠᠷᠠᠳ ᠤᠨ ᠠᠶᠤᠯᠲᠠᠶ ᠭᠠᠵᠠᠷ ᠲᠤ ᠣᠶᠢᠷᠠᠳᠴᠤ᠂ ᠬᠤᠶᠠᠳᠠᠬᠢ ᠤᠳᠠᠭᠠᠨ ᠤ ᠠᠳᠡᠯ ᠭᠠᠷᠬᠤ ᠠᠴᠠ ᠰᠡᠷᠭᠡᠶᠢᠯᠡᠪᠡ᠃ ᠡᠭᠦᠨ ᠤ ᠬᠠᠮᠲᠤ᠂ ᠣᠶᠢᠷ᠎ᠠ ᠶᠢᠨ ᠬᠤᠭᠤᠴᠠᠭᠠᠨ ᠤ ᠪᠣᠷᠣᠭᠠᠨ ᠤ ᠪᠠᠶᠢᠳᠠᠯ ᠢ ᠨᠠᠷᠢᠨ ᠠᠵᠢᠭᠯᠠᠵᠤ᠂ ᠠᠶᠤᠯ ᠠᠴᠠ ᠵᠠᠶᠢᠯᠠᠭᠤᠯᠬᠤ ᠠᠵᠢᠯ ᠢ ᠱᠠᠯᠠᠪᠳᠠᠨ ᠬᠢᠵᠦ᠂ ᠭᠠᠮᠰᠢᠭᠳᠠᠭᠰᠠᠨ ᠵᠠᠮ ᠤᠨ ᠬᠡᠰᠡᠭ ᠢ ᠴᠠᠭ ᠨᠡᠮᠡᠵᠦ ᠠᠵᠢᠯᠯᠠᠨ ᠱᠠᠯᠠᠪᠳᠠᠨ ᠵᠠᠰᠠᠵᠤ᠂ ᠤᠰᠤᠨ ᠳᠤ ᠡᠪᠳᠡᠭᠳᠡᠭᠰᠡᠨ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ  ᠪᠠᠲᠣᠯᠠᠪᠠ᠃     ᠣᠳᠣᠬᠠᠨ ᠪᠣᠯᠲᠠᠯ᠎ᠠ᠂ ᠪᠥᠬᠦ ᠪᠠᠯᠭᠠᠰᠤᠨ ᠳᠤ ᠨᠡᠶᠢᠲᠡ 200 ᠭᠠᠷᠤᠶ ᠬᠥᠮᠦᠨ  ᠤᠳᠠᠭ᠎ᠠ  ᠶᠢ ᠵᠣᠬᠢᠶᠠᠨ ᠪᠠᠶᠢᠭᠤᠯᠵᠤ᠂ 56 ᠮᠠᠰᠢᠨ ᠲᠥᠬᠦᠭᠡᠷᠦᠮᠵᠢ ᠶᠢ ᠬᠥᠳᠡᠯᠭᠡᠨ᠂162 ᠬᠡᠰᠡᠭ ᠤᠰᠤᠨ ᠳᠤ ᠡᠪᠳᠡᠭᠳᠡᠭᠰᠡᠨ ᠵᠠᠮ ᠢ ᠨᠢᠭᠡᠨᠲᠡ ᠵᠠᠰᠠᠵᠤ ᠨᠡᠪᠲᠡᠷᠡᠭᠦᠯᠵᠡᠶ᠃

抢修1.jpg

抢修2.jpg

 

抢修3.jpg

 

抢修4.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ