ᠤᠷᠠᠳ ᠤᠨ ᠡᠮᠦᠨᠡᠲᠦ ᠬᠤᠰᠢᠭᠤᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠡᠷᠳᠡᠨᠢᠪᠤᠯᠠᠭ  ᠰᠣᠮᠣᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2022/8/12
      ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠷᠳᠡᠨᠢᠪᠤᠯᠠᠭ ᠰᠤᠮᠤ ᠶᠢᠨ ᠬᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠠᠳᠬᠤᠨ ᠰᠠᠶᠢᠲᠤᠷ ᠬᠢᠵᠦ ᠪᠠᠶᠢᠨ᠎ᠠ᠃ 8 ᠰᠠᠷ᠎ᠠ ᠶᠢᠨ 10 ᠤ ᠡᠳᠦᠷ᠂  ᠡᠷᠳᠡᠨᠢᠪᠤᠯᠠᠭ ᠰᠤᠮᠤᠨ ᠳᠤ 2022 ᠣᠨ ᠤ ᠬᠤᠰᠢᠭᠤᠨ ᠤ ᠲᠠᠰ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠣᠷᠨᠢᠭᠦᠯᠪᠠ᠃        ᠲᠣᠰ ᠤᠳᠠᠭᠠᠨ ᠤ ᠰᠣᠷᠢᠯᠲᠠ ᠳᠤ᠂ ᠦᠷᠭᠦᠯᠵᠢᠯᠡᠭᠰᠡᠨ ᠪᠣᠷᠣᠭᠠᠨ ᠠᠴᠠ ᠪᠣᠯᠵᠣ ᠡᠷᠳᠡᠨᠢᠪᠤᠯᠠᠭ ᠰᠤᠮᠤ ᠶᠢᠨ ᠬᠠᠷᠢᠶᠠᠨ ᠳᠠᠬᠢ ᠠᠷᠴᠠ ᠭᠠᠴᠠᠭᠠᠨ ᠳᠤ 6 ᠴᠠᠭ ᠤᠨ ᠦᠷᠭᠦᠯᠵᠢᠯᠡᠭᠰᠡᠨ ᠪᠣᠷᠣᠭᠠᠨ ᠤ ᠲᠣᠨᠣᠳᠠᠰᠤ ᠶᠢᠨ ᠬᠡᠮᠵᠢᠶ᠎ᠡ 50 ᠮᠢᠯᠢᠮᠧᠲᠷ ᠲᠤ ᠬᠦᠷᠴᠦ᠂ ᠠᠭᠤᠯᠠᠨ ᠦᠶᠡᠷ ᠤᠨ ᠭᠠᠮᠰᠢᠭ ᠭᠠᠷᠴᠤ᠂ ᠠᠷᠴᠠ ᠭᠠᠴᠠᠭᠠᠨ ᠤ ᠮᠠᠯᠴᠢᠳ ᠪᠣᠯᠤᠨ ᠬᠤᠸᠠ ᠲᠦᠸᠧ ᠠᠭᠤᠷᠬᠠᠶ ᠶᠢᠨ ᠦᠢᠯᠡᠰ ᠤᠨ ᠺᠣᠮᠫᠠᠨᠢ ᠶᠢᠨ ᠠᠵᠢᠯᠲᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠰᠦᠷᠳᠡᠭᠦᠯᠦᠯ ᠳᠤ   ᠣᠴᠠᠷᠠᠪᠠ᠃ ᠲᠦᠭᠰᠢᠭᠦᠷᠢ ᠶᠢᠨ ᠪᠠᠶᠢᠳᠠᠯ ᠭᠠᠷᠤᠭᠰᠠᠨ ᠤ ᠳᠠᠷᠠᠭ᠎ᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤᠭᠤᠶᠢᠯᠠᠩ  ᠳᠠᠷᠤᠶ ᠲᠦᠷᠭᠡᠨ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠥᠭᠴᠦ᠂ ᠡᠷᠳᠡᠨᠢᠪᠤᠯᠠᠭ  ᠰᠣᠮᠣ ᠶᠢ ᠳᠠᠷᠤᠶ ᠲᠦᠷᠭᠡᠨ ᠬᠤᠰᠢᠭᠤᠨ ᠤ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠠᠶᠤᠯ ᠠᠴᠠ ᠠᠪᠤᠷᠬᠠᠤ ᠪᠡᠯᠡᠳᠬᠡᠯ ᠬᠢᠵᠤ᠂ ᠲᠠᠷᠡ ᠳᠠᠷᠣᠢ ᠳᠤᠨᠢ ᠲᠣᠬᠠᠢ ᠶᠢᠨ ᠲᠠᠯᠠᠪᠠᠢ ᠳᠤ ᠬᠦᠷᠴᠦ᠂ ᠬᠦᠮᠦᠰ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ᠂ ᠡᠷᠢᠵᠦ ᠠᠪᠤᠷᠬᠠᠤ᠂ ᠭᠠᠮᠰᠢᠭᠳᠠᠭᠰᠠᠨ ᠠᠷᠠᠳ ᠢ ᠲᠥᠪᠬᠢᠨᠡᠭᠦᠯᠬᠦ᠂ ᠵᠠᠮ ᠴᠠᠬᠢᠯᠭᠠᠨ ᠬᠦᠴᠦᠨ ᠢ ᠲᠦᠷᠭᠡᠨ ᠵᠠᠰᠠᠬᠤ᠂ ᠬᠢᠵᠢᠭ ᠢ ᠰᠡᠷᠭᠡᠶᠢᠯᠡᠨ ᠠᠷᠢᠭᠤᠳᠬᠠᠬᠤ᠂ ᠭᠠᠮᠰᠢᠭ ᠤᠨ ᠪᠠᠶᠢᠳᠠᠯ ᠢ ᠪᠦᠷᠢᠳᠬᠡᠬᠦ ᠵᠡᠷᠭᠡ ᠠᠵᠢᠯ ᠢ ᠦᠳᠲᠡᠷ ᠲᠦᠷᠭᠡᠨ ᠥᠷᠨᠢᠭᠦᠯᠪᠡ᠃     ᠲᠣᠰ ᠣᠳᠠᠭᠠᠨ ᠤ ᠰᠣᠷᠢᠯᠲᠠ ᠳᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠭᠠᠵᠤ ᠵᠢᠯᠣᠭᠤᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠲᠤᠯᠠᠬᠤ ᠴᠢᠳᠠᠪᠤᠷᠢ ᠶᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠵᠤ᠂ ᠪᠦᠬᠦ᠋ᠢᠯᠡ ᠰᠣᠷᠢᠯᠲᠠ ᠶᠢᠨ ᠪᠡᠯᠡᠳᠬᠡᠯ  ᠬᠦᠢᠴᠡᠳ᠂ ᠲᠠᠰ ᠳᠠᠷᠠᠭᠠᠯᠠᠯ ᠤᠷᠤᠭᠰᠢᠲᠠᠶ᠂ ᠭᠤᠭᠴᠤᠭ᠎ᠠ ᠪᠠᠴᠢᠮ᠂ ᠰᠣᠷᠢᠯᠲᠠ ᠳᠤ ᠤᠷᠢᠳᠴᠢᠯᠠᠨ ᠲᠣᠬᠢᠷᠠᠭᠤᠯᠤᠭᠰᠠᠨ ᠡᠯ᠎ᠡ  ᠵᠦᠢᠯ ᠤᠨ  ᠬᠦᠢᠴᠡᠳᠭᠡᠯ ᠲᠤᠭ᠎ᠠ ᠪᠣᠯᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ᠂ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃

演练1.jpg

演练2.jpg

 

演练3.jpg

 

演练4.jpg

 

演练5.jpg

 

演练6.jpg

 

演练7.jpg

 

演练8.jpg

 

演练9.jpg

 

演练10.jpg

 

演练11.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ