ᠣᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/8/12
      ᠡᠨᠡ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠬᠡᠷ ᠰᠤᠷᠤᠯᠴᠠᠯᠭ᠎ᠠ ᠬᠥᠮᠦᠵᠢᠯ ᠢ ᠴᠢᠩᠭᠠᠳᠬᠠᠬᠤ᠂ ᠠᠵᠢᠯ ᠤᠨ ᠲᠦᠷᠢᠮ ᠢ ᠲᠡᠭᠦᠯᠳᠡᠷᠵᠢᠭᠦᠯᠬᠦ᠂ ᠠᠵᠢᠯ ᠤᠨ ᠰᠤᠷᠲᠠᠯ ᠢ ᠬᠤᠪᠢᠷᠠᠭᠤᠯᠬᠤ᠂ ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠪᠠᠶᠢᠭᠤᠯᠤᠮᠵᠢ ᠣᠷᠣᠨ ᠲᠣᠭᠠᠨ ᠤ ᠺᠠᠳ᠋ᠷ ᠤᠨ ᠡᠩᠨᠡᠭᠡ ᠶᠢ ᠪᠥᠬᠦ ᠬᠦᠴᠦᠨ ᠢᠶᠠᠷ ᠢᠶᠠᠨ  ᠪᠠᠶᠢᠭᠤᠯᠪᠠ᠃      ᠲᠣᠰ ᠠᠯᠪᠠᠨ ᠭᠡᠷ ᠤᠨ ᠬᠢᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠭᠠᠷᠠᠭ ᠪᠦᠷᠢ ᠶᠢᠨ ᠨᠢᠭᠡ ᠤᠳᠠᠭᠠᠨ ᠤ ᠰᠤᠷᠤᠯᠴᠠᠬᠤ ᠡᠭᠡᠯᠵᠢᠲᠦ ᠬᠤᠷᠠᠯ᠂ ᠬᠦᠴᠦᠷᠬᠡᠭ ᠤᠯᠤᠰ ᠤᠨ APP᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠶᠢ ᠰᠤᠷᠤᠯᠴᠠᠬᠤ ᠳᠤ ᠲᠦᠰᠢᠭᠯᠡᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠤᠯᠤᠰ ᠲᠦᠷᠦ ᠶᠢᠨ ᠤᠨᠤᠯ ᠢ ᠬᠢᠨᠠᠮᠠᠭᠠᠢ ᠰᠤᠷᠤᠯᠴᠠᠭᠤᠯᠵᠤ᠂ ᠤᠨᠤᠯ ᠤᠨ ᠵᠡᠪᠰᠡᠭᠯᠡᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠤᠨᠤᠯ ᠤᠨ ᠬᠢᠷᠢ ᠲᠦᠪᠰᠢᠨ ᠢ  ᠳᠡᠭᠡᠭᠰᠢᠯᠡᠬᠦᠯᠪᠡ᠃ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠥᠴᠦᠬᠡᠨ ᠴᠦ ᠠᠭᠤᠴᠢᠯᠠᠬᠤ ᠥᠬᠡᠶ︾ ᠵᠡᠷᠭᠡ ᠸᠢᠳᠢᠣ᠋ ᠮᠠᠲ᠋ᠧᠷᠢᠶᠠᠯ ᠢ ᠦᠵᠡᠵᠦ᠂ ︽ᠡᠰᠡᠷᠭᠦ ᠲᠠᠯ᠎ᠠ ᠶᠢᠨ ᠵᠢᠭᠠᠬᠤ ᠮᠠᠲ᠋ᠧᠷᠢᠶᠠᠯ︾ ᠢᠶᠠᠷ ᠴᠠᠭ ᠢᠮᠠᠭᠲᠠ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠷᠡᠮᠵᠢᠯᠡᠭᠦᠯᠵᠦ᠂ ᠤᠯᠤᠰ ᠲᠥᠷᠥ ᠶᠢᠨ ᠠᠮᠢ ᠠᠬᠤᠶ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠠᠬᠢᠭᠤᠯᠪᠠ᠃ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠲᠦᠷᠢᠮ ᠪᠠ ᠠᠵᠢᠯ ᠤᠨ ᠴᠤᠪᠤᠷᠠᠯ ᠢ ᠡᠮᠬᠢᠯᠡᠵᠦ᠂  ᠰᠦᠯᠵᠢᠶ᠎ᠡ ᠬᠢᠭᠡᠳ ᠸᠢᠴᠠᠲ ᠤᠨ ᠴᠤᠭᠯᠠᠷᠠᠯ ᠢ ᠢᠯᠡ ᠪᠠᠷ ᠨᠡᠶᠢᠲᠡᠯᠡᠵᠦ᠂  ᠦᠢᠯᠡᠴᠢᠯᠡᠬᠦ ᠡᠲᠡᠭᠡᠳ ᠲᠤ ᠲᠥᠬᠦᠮ ᠦᠵᠡᠭᠦᠯᠦᠨ᠂ ᠡᠯ᠎ᠡ ᠨᠢᠭᠡᠴᠡ ᠶᠢᠨ ᠠᠵᠢᠯᠲᠠᠨ ᠳᠤ ᠮᠡᠳᠡᠷᠡᠭᠦᠯᠪᠡ᠃ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠷᠢᠮ ᠪᠠ ᠲᠤᠬᠠᠶᠢᠯᠠᠭᠰᠠᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠺᠠᠳ᠋ᠷ ᠤᠨ ᠣᠨ ᠤ ᠬᠢᠨᠠᠨ ᠰᠢᠯᠭᠠᠯᠲᠠ᠂ ᠲᠡᠷᠢᠭᠦᠨ ᠰᠢᠯᠢᠳᠡᠭ ᠢ ᠰᠢᠯᠭᠠᠷᠠᠭᠤᠯᠬᠤ ᠠᠵᠢᠯ ᠢ ᠬᠡᠮᠵᠢᠶᠡᠵᠢᠭᠦᠯᠦᠨ ᠨᠠᠷᠢᠯᠢᠬᠵᠢᠭᠤᠯᠵᠤ᠂ ᠪᠠᠶᠢᠭᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢ ᠠᠬᠢᠭᠤᠯᠪᠠ᠃ ᠶᠠᠳᠠᠭᠤ ᠬᠦᠴᠢᠷᠳᠡᠯᠲᠡᠶ ᠡᠷᠦᠬᠡ ᠲᠠᠢ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ᠂ ᠨᠡᠶᠢᠭᠡᠮ ᠲᠣᠭᠤᠷᠢᠭ ᠲᠠᠢ ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠲᠠᠪᠴᠠᠩ ᠢ  ᠬᠦᠢᠴᠡᠳ ᠠᠰᠢᠭᠯᠠᠨ᠂ ᠶᠠᠳᠠᠭᠤ ᠶᠢ ᠲᠡᠳᠬᠦᠨ ᠲᠣᠬᠤᠨᠢᠭᠤᠯᠬᠤ᠂ ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ  ᠲᠡᠭᠦᠯᠳᠡᠷᠵᠢᠬᠦᠯᠵᠡᠢ᠃ ᠨᠠᠮ ᠤᠨ ᠭᠡᠰᠢᠭᠦᠨ ᠺᠠᠳ᠋ᠷᠴᠤᠳ ᠳᠤᠭᠤᠶᠢᠯᠠᠩ ᠬᠤᠪᠢᠶᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠣᠯᠠᠨ ᠲᠦᠮᠡᠨ ᠲᠠᠢ ᠣᠶᠢᠷᠠᠲᠤᠵᠤ᠂ ᠡᠯ᠎ᠡ  ᠵᠦᠢᠯ ᠤᠨ ᠠᠵᠢᠯ ᠢ ᠳᠥᠯᠭᠢᠨ ᠠᠬᠢᠭᠤᠯᠵᠤ᠂ ᠠᠵᠢᠯ ᠤᠨ ᠰᠤᠷᠲᠠᠯ ᠢ ᠬᠤᠪᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠲᠤ ᠪᠣᠯᠪᠠᠰᠤᠷᠠᠯ ᠬᠦᠷᠲᠡᠭᠡᠪᠡ᠃ ᠲᠤᠬᠠᠶᠢᠯᠠᠭᠰᠠᠨ ᠠᠵᠢᠯ ᠤᠨ ᠬᠠᠮᠤᠭ ᠤᠨ ᠰᠠᠶᠢᠨ ᠠᠵᠢᠯᠲᠠᠨ᠂ ᠨᠠᠮ ᠤᠨ ᠡᠭᠦᠷ ᠤᠨ ᠬᠠᠮᠤᠭ ᠤᠨ ᠰᠠᠶᠢᠨ ᠨᠠᠮ ᠤᠨ ᠭᠡᠰᠢᠭᠦᠨ᠂ ᠤᠳᠤᠷᠢᠳᠬᠤ ᠪᠠᠭ ᠤᠨ ᠬᠠᠮᠤᠭ ᠤᠨ ᠰᠠᠶᠢᠨ ᠤᠳᠤᠷᠢᠳᠤᠯᠭ᠎ᠠ ᠶᠢᠨ ︽ᠬᠠᠮᠤᠭ ᠤᠨ ᠰᠠᠶᠢᠨ︾ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠲᠡᠷᠢᠭᠦᠨ ᠵᠡᠷᠭᠡ ᠶᠢᠨ ᠪᠠᠶᠢᠭᠤᠯᠤᠮᠵᠢ  ᠣᠷᠣᠨ ᠲᠣᠭᠠᠨ ᠤ ᠠᠯᠪᠠᠨ ᠭᠡᠷ ᠢ ᠪᠣᠶ ᠪᠣᠯᠭᠠᠬᠤ ᠪᠠᠷ  ᠴᠢᠷᠮᠠᠶᠢᠵᠤ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ