ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ︽ᠬᠤᠶᠠᠷ ᠢ ᠴᠣᠭᠴᠠᠯᠠᠬᠤ︾ | ᠠᠵᠢᠯ ᠤᠨ ᠠᠭᠤᠯᠤᠭᠳᠠᠬᠤᠨ ᠢ ᠬᠦᠨᠵᠡᠭᠡᠶᠢᠷᠡᠭᠦᠯᠦᠨ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠂ | ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠷᠣᠨ | ᠪᠦᠰᠡ ᠶᠢᠨ ᠰᠣᠶᠣᠯ ᠤᠨ ᠰᠣᠯᠢᠯᠴᠠᠭ᠎ᠠ ᠶᠢ ᠢᠳᠡᠪᠬᠢᠲᠡᠶ ᠠᠬᠢᠭᠤᠯᠵᠤ᠂ ᠤᠷᠠᠯᠢᠭ ᠰᠣᠶᠣᠯ ᠤᠨ ᠤᠯᠠᠮᠵᠢᠯᠠᠯ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ | ᠡᠳᠦᠷ᠂ ᠳ᠋ᠧᠩᠺᠸᠣ ᠰᠢᠶᠠᠨ ᠤ ᠤᠯᠠᠭᠠᠨᠮᠥ᠋ᠴᠢᠷ ᠲᠠᠢ ᠬᠠᠮᠲᠣ ᠨᠠᠷᠢᠨ ᠨᠠᠭᠤᠷ ᠤᠨ ᠦᠵᠡᠮᠵᠢ ᠶᠢᠨ ᠣᠷᠣᠨ ᠳᠤ ᠰᠣᠶᠣᠯ ᠤᠨ ᠰᠣᠯᠢᠯᠴᠠᠭᠠᠨ ᠤ ᠲᠣᠭᠯᠠᠯᠲᠠ ᠭᠠᠷᠭᠠᠪᠠ | ᠃ | | | | | ᠲᠣᠭᠯᠠᠯᠲᠠ ᠳᠤ᠂ ᠬᠤᠶᠠᠷ ᠤᠯᠠᠭᠠᠨᠮᠥ᠋ᠴᠢᠷ ᠤᠨ ᠬᠢᠨ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠳᠠᠭᠤᠤ ᠪᠥᠵᠢᠭ ᠬᠦᠭᠵᠢᠮ ᠢ ᠳ᠋ᠧᠩᠺᠸᠣ | ᠰᠢᠶᠠᠨ ᠤ ᠥᠷᠭᠡᠨ ᠣᠯᠠᠨ ᠠᠷᠠᠳ ᠲᠦᠮᠡᠨ ᠪᠣᠯᠤᠨ ᠵᠤᠭᠠᠴᠠᠭᠰᠠᠳ ᠲᠤ ᠡᠷᠭᠦᠵᠦ᠂ ᠲᠡᠳᠡᠭᠡᠷ ᠲᠤ ᠠᠳᠠᠯᠢ ᠪᠤᠰᠤ ᠣᠨᠴᠠᠯᠢᠭ ᠲᠠᠢ ᠤᠳᠬ᠎ᠠ ᠤᠷᠠᠯᠢᠭ ᠤᠨ ᠬᠡᠪ | ᠨᠠᠮᠪᠠ ᠪᠣᠯᠤᠨ ᠰᠣᠶᠣᠯ ᠢᠷᠭᠡᠨᠰᠢᠯ ᠢ ᠮᠡᠳᠡᠷᠡᠭᠦᠯᠵᠦ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠰᠣᠶᠣᠯ ᠤᠨ ᠬᠡᠷᠡᠭᠴᠡᠭᠡ ᠶᠢ | ᠪᠠᠶᠠᠯᠢᠭᠵᠢᠭᠤᠯᠤᠨ ᠬᠠᠩᠭᠠᠵᠤ᠂ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠡᠭᠦᠷᠭᠡ ᠬᠠᠷᠢᠭᠤᠴᠠᠯᠭ᠎ᠠ ᠶᠢ | ᠦᠢᠯᠡᠳᠦᠯᠭᠡᠵᠢᠬᠦᠯᠪᠡ᠃ | | | | | | | ᠲᠤᠰ ᠣᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ ᠬᠤᠶᠠᠷ ᠭᠠᠵᠠᠷ ᠤᠨ ᠰᠣᠶᠣᠯ ᠤᠨ ᠰᠣᠯᠢᠯᠴᠠᠭᠠᠨ ᠤ ᠠᠭᠤᠯᠤᠭᠳᠠᠬᠤᠨ ᠢ | ᠴᠢᠩᠭᠠᠳᠬᠠᠭᠰᠠᠨ ᠢᠶᠠᠷ ᠪᠠᠷᠠᠬᠤ ᠦᠭᠡᠢ᠂ ᠬᠤᠶᠠᠷ ᠭᠠᠵᠠᠷ ᠤᠨ ᠤᠯᠠᠭᠠᠨᠮᠥ᠋ᠴᠢᠷ ᠲᠤ ᠬᠠᠷᠢᠯᠴᠠᠨ ᠰᠤᠷᠤᠯᠴᠠᠬᠤ ᠲᠠᠪᠴᠠᠩ ᠬᠠᠩᠭᠠᠵᠤ᠂ ᠳᠠᠪᠠᠭᠤᠯᠢᠭ ᠢᠶᠠᠨ | ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠬᠠᠮᠲᠤ ᠪᠠᠷ ᠳᠡᠭᠡᠭᠰᠢᠯᠡᠵᠦ᠂ ᠬᠠᠮᠲᠤ ᠪᠠᠷ ᠬᠥᠭᠵᠢᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠨᠡᠩ | ᠰᠠᠶᠢᠲᠤᠷ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠭᠤᠣᠯ ᠬᠦᠭ ᠠᠶᠠᠰ ᠢ ᠴᠤᠤᠷᠢᠶᠠᠲᠤᠭᠤᠯᠤᠭᠰᠠᠨ ᠪᠠᠶᠢᠨ᠎ᠠ᠃ | | | | | | | | |