ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/8/15
   ︽ᠬᠤᠶᠠᠷ ᠢ ᠰᠤᠭᠤᠴᠢᠨ ᠪᠠᠶᠢᠴᠠᠭᠠᠵᠤ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠷᠠᠳ ᠤᠨ ᠡᠮᠦᠨᠡᠲᠤ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠬᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠰᠤᠭᠤᠴᠢᠨ ᠪᠠᠶᠢᠴᠠᠭᠠᠯᠲᠠ ᠬᠢᠪᠠ᠃

微信图片_20220815160625.jpg

   ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ 2 ᠨᠡᠶᠢᠭᠡᠮ ᠤᠨ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ︵ᠤᠷᠠᠳ ᠤᠨ ᠡᠮᠦᠨᠡᠲᠦ

ᠬᠤᠰᠢᠭᠤᠨ ᠤ ᠢ ᠱᠸᠦ ᠨᠠᠰᠤᠲᠠᠨ ᠢ ᠠᠰᠠᠷᠠᠬᠤ ᠬᠦᠷᠢᠶᠡᠯᠡᠩ᠂ ᠤᠷᠠᠳ ᠤᠨ ᠡᠮᠦᠨᠡᠲᠦ ᠬᠤᠰᠢᠭᠤᠨ ᠤ ᠬᠤᠩ ᠹᠦ᠋ ᠨᠠᠰᠤᠲᠠᠶᠢᠴᠤᠳ ᠤᠨ ᠨᠡᠶᠢᠲᠡ ᠶᠢᠨ ᠰᠠᠭᠤᠴᠠ︶

ᠪᠣᠯᠤᠨ ᠨᠢᠭᠡ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ︵ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ 

ᠦᠢᠯᠡᠴᠢᠯᠡᠬᠡᠨ ᠤ ᠨᠡᠶᠢᠭᠡᠮᠯᠢᠭ︶ ᠶᠢ ᠲᠣᠬᠢᠶᠠᠯᠳᠤᠯ ᠢᠶᠠᠷ  ᠰᠣᠩᠭᠤᠪᠠ᠃ ᠪᠠᠶᠢᠴᠠᠭᠠᠬᠤ ᠶᠠᠪᠤᠴᠠ ᠳᠤ᠂ ᠡᠯ᠎ᠡ ᠨᠢᠭᠡᠴᠡ ᠶᠢᠨ ᠬᠢᠨ ᠰᠠᠯᠠᠭ᠎ᠠ ᠮᠥᠴᠢᠷ ᠤᠨ ᠡᠷᠬᠡ

ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ

ᠡᠵᠡᠩᠨᠡᠯᠲᠡ ᠶᠢᠨ ᠪᠠᠶᠢᠳᠠᠯ᠂ ᠠᠶᠣᠯᠬᠦᠢ  ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠰᠦᠢᠳᠭᠡᠯ ᠬᠤᠷᠢᠶᠠᠬᠤ ᠪᠠᠷᠢᠮᠵᠢᠶ᠎ᠠ᠂ 

ᠦᠢᠯᠡᠴᠢᠯᠡᠭᠡ ᠪᠠᠷ ᠳᠠᠶᠢᠴᠢᠯᠠᠬᠤ ᠵᠡᠷᠭᠡ ᠵᠠᠬ᠎ᠠ ᠳᠡᠯᠭᠡᠭᠦᠷ ᠤᠨ  ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠤᠨ

ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠲᠠᠰ ᠲᠠᠷᠠᠭᠠᠵᠢᠭᠤᠯᠬᠤ ᠶᠢ ᠤᠯᠠᠮ ᠨᠢᠭᠡ

ᠠᠯᠬᠤᠮ ᠳᠡᠭᠡᠭᠰᠢᠯᠡᠭᠦᠯᠵᠦ᠂ ︽ᠬᠤᠶᠠᠷ ᠢ ᠰᠤᠭᠤᠴᠢᠨ ᠪᠠᠶᠢᠴᠠᠭᠠᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠡᠶᠢᠳᠡᠮ ᠪᠥᠷᠬᠦᠭᠦᠯᠬᠦ᠂

ᠪᠠᠶᠢᠩᠭᠤᠵᠢᠭᠤᠯᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃

微信图片_20220815160634.jpg

   ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ

ᠳᠤᠭᠤᠶᠢᠯᠠᠩ ᠠᠴᠠ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠬᠢᠷᠢ ᠬᠡᠮ ᠤᠨ ᠦᠨᠡᠮᠯᠡᠯ ᠤᠨ ᠦᠨᠡᠨ ᠪᠣᠳᠠᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠬᠢᠨᠠᠨ

ᠬᠠᠷᠭᠤᠭᠤᠯᠵᠤ᠂ ᠰᠦᠢᠳᠭᠡᠯ ᠬᠤᠷᠢᠶᠠᠬᠤ ᠪᠠᠷᠢᠮᠵᠢᠶ᠎ᠠ ᠶᠢ ᠪᠠᠶᠢᠴᠠᠭᠠᠵᠤ᠂ ᠲᠣᠰ ᠤᠳᠠᠭᠠᠨ ᠤ ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ

᠂ ᠪᠠᠶᠢᠴᠠᠭᠠᠬᠤ ᠳᠤᠭᠤᠶᠢᠯᠠᠩ  ᠠᠴᠠ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠥᠭᠬᠦ ᠶᠢᠨ ᠬᠠᠮᠲᠤ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ

ᠱᠠᠭᠠᠷᠳᠠᠪᠠ᠃

                         

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ