ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ᠄  ᠲᠠᠷᠢᠶᠠᠴᠢᠳ ᠠᠵᠤ ᠠᠬᠤᠶᠢᠯᠠᠯ ᠬᠤᠯᠪᠤᠭᠠᠯᠠᠨ ᠬᠤᠨᠴᠠᠷ ᠲᠠᠷᠢᠵᠤ ᠣᠷᠤᠯᠭ᠎ᠠ ᠪᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2022/8/16
      ᠵᠤᠨ ᠤ ᠰᠡᠭᠦᠯᠴᠢ ᠪᠠᠷ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ ᠶᠢᠨ ᠮᠤᠤ ᠱᠧᠩ ᠲᠠᠷᠢᠶᠠᠯᠠᠩ ᠤᠨ ᠠᠷᠠᠯᠵᠢᠶᠠᠨ ᠤ ᠲᠤᠰᠬᠠᠢ ᠬᠤᠷᠰᠢᠶ᠎ᠠ ᠶᠢᠨ ᠬᠤᠨᠴᠢᠷ ᠲᠠᠷᠢᠬᠤ ᠰᠠᠭᠤᠷᠢᠨ ᠭᠠᠵᠠᠷ ᠲᠤ᠂  ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠬᠤᠨᠴᠢᠷ ᠶᠠᠭ ᠯᠠ ᠨᠣᠮᠢᠨ ᠨᠣᠭᠤᠭᠠᠨ ᠬᠡᠪᠢᠰ ᠰᠢᠭ᠂ ᠤᠷᠢᠬᠠᠨ ᠰᠠᠯᠬᠢᠨ ᠤ ᠢᠯᠪᠢᠭᠡᠨ ᠳᠤᠮᠳᠠ ᠨᠣᠭᠤᠭᠠᠨ ᠳᠠᠪᠠᠯᠭᠠᠨ ᠳᠠᠪᠠᠯᠭᠠᠯᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃      ᠵᠢᠶᠠ ᠯᠢ ᠵᠢᠶᠦ᠋ᠨ ᠪᠣᠯ ᠬᠤᠷᠰᠢᠶᠠᠵᠢᠯ ᠤᠨ ᠬᠠᠷᠢᠭᠤᠴᠠᠯᠭᠠᠲᠠᠨ ᠪᠥᠭᠡᠳ ᠲᠤᠬᠠᠶ ᠶᠢᠨ ᠭᠠᠵᠠᠷ ᠤᠨ ᠬᠤᠨᠴᠢᠷ ᠳᠠᠷᠢᠬᠤ ᠲᠣᠮᠣ ᠡᠷᠦᠬᠡ ᠪᠣᠯᠤᠨ᠎ᠠ᠂ ᠣᠯᠠᠨ ᠵᠢᠯ ᠤᠨ ᠲᠤᠷᠰᠢ ᠬᠤᠨᠴᠢᠷ ᠳᠠᠷᠢᠬᠤ ᠶᠢ ᠬᠥᠭᠵᠢᠭᠦᠯᠬᠦ ᠶᠠᠪᠤᠴᠠ ᠳᠤ ᠲᠡᠷᠡ ᠲᠣᠰᠬᠤᠨ ᠤ ᠠᠷᠠᠳ ᠲᠠᠢ ᠬᠠᠮᠲᠤ ᠪᠠᠷ ᠳᠠᠷᠢᠬᠤ ᠲᠠᠯᠠᠪᠠᠶ ᠨᠢ ᠵᠢᠯ ᠳᠠᠷᠠᠭᠠᠯᠠᠨ ᠨᠡᠮᠡᠭᠳᠡᠭᠰᠡᠨ ᠪᠣᠯᠪᠠᠴᠤ ᠬᠤᠨᠴᠢᠷ ᠤᠨ ᠪᠣᠷᠣᠯᠠᠭᠤᠯᠭ᠎ᠠ ᠶᠢᠨ ᠦᠨ᠎ᠡ ᠨᠢ ᠰᠤᠯᠠ ᠪᠠᠷᠠᠭ᠎ᠠ ᠬᠤᠳᠠᠯᠳᠤᠨ ᠠᠪᠬᠤ ᠬᠤᠳᠠᠯᠳᠤᠭᠠᠴᠢᠨ ᠳᠤ ᠬᠢᠵᠠᠭᠠᠷᠯᠠᠭᠳᠠᠵᠤ᠂ ᠴᠢᠨᠠᠷ ᠰᠠᠶᠢᠲᠠᠶ ᠬᠤᠨᠴᠢᠷ ᠴᠤ ᠮᠥ ᠪᠦᠷᠢ ᠶᠢᠨ ᠳᠤᠮᠳᠠᠴᠢ ᠦᠷ᠎ᠡ ᠠᠰᠢᠭ ᠢ ᠬᠠᠮᠤᠭ ᠤᠨ ᠶᠡᠭᠡ ᠪᠠᠷ ᠪᠡᠶᠡᠯᠡᠭᠦᠯᠵᠦ ᠳᠡᠶᠢᠯᠬᠦ ᠥᠬᠡᠶ ᠪᠠᠶᠢᠯ᠎ᠠ᠃

黄芪1.jpg

      ᠪᠥᠬᠦ ᠬᠤᠲᠠ ᠪᠠᠷ ᠢᠶᠠᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠭᠤᠰᠤᠯᠴᠠᠨ ᠬᠠᠮᠲᠤ ᠪᠠᠷ ᠪᠠᠶᠢᠭᠤᠯᠬᠤ ᠪᠠᠷ

ᠭᠠᠷᠳᠠᠴᠠ ᠪᠣᠯᠭᠠᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂

ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ︽ᠠᠵᠤ ᠦᠢᠯᠡᠰ

ᠬᠥᠭᠵᠢᠭᠰᠡᠨ᠂ ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ

ᠴᠢᠨᠡᠭᠡᠯᠢᠭᠵᠢᠭᠰᠡᠨ︾ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠶᠤᠨ

ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠪᠡ᠃

      ᠲᠣᠰ ᠭᠠᠵᠠᠷ ᠤᠨ ᠳᠠᠭᠠᠭᠤᠯᠤᠭᠴᠢ ᠠᠵᠤ ᠠᠬᠤᠶᠢᠯᠠᠯ ᠪᠣᠯᠬᠤ ᠥᠪᠥᠷ ᠮᠣᠩᠭᠤᠯ ᠤᠨ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠮᠢᠩᠭᠠᠨ

ᠪᠠᠯᠭᠠᠰᠤ ᠶᠢᠨ ᠲᠤᠬᠠᠶ ᠶᠢᠨ ᠭᠠᠵᠠᠷ ᠤᠨ ᠳᠠᠪᠠᠭᠤᠯᠢᠭ ᠭᠠᠵᠠᠷ ᠵᠦᠶ᠂ ᠪᠠᠶᠢᠭᠠᠯᠢ ᠶᠢᠨ ᠨᠥᠬᠦᠴᠡᠯ ᠢ ᠦᠵᠡᠵᠦ ᠲᠣᠭᠤᠭᠠᠳ᠂ ᠵᠢᠶᠠ ᠯᠢ ᠵᠢᠶᠦ᠋ᠨ ᠤ ᠬᠤᠷᠰᠢᠶ᠎ᠠ ᠶᠢ

ᠰᠣᠩᠭᠤᠵᠤ ᠬᠠᠮᠲᠤᠷᠠᠨ ᠬᠠᠪᠰᠤᠷᠤᠨ ᠲᠡᠳᠬᠦᠬᠦ ᠡᠲᠡᠭᠡᠳ ᠪᠣᠯᠭᠠᠵᠤ᠂ ᠲᠡᠭᠦᠨ ᠢ ᠬᠥᠲᠥᠯᠥᠨ ᠵᠢᠯᠣᠭᠤᠳᠴᠤ ᠪᠠᠶᠢᠭᠠᠳ ᠬᠡᠭᠡᠷ᠎ᠡ ᠶᠢᠨ ᠬᠤᠨᠴᠢᠷ ᠢ ᠳᠠᠭᠤᠷᠢᠶᠠᠨ

ᠳᠠᠷᠢᠵᠤ᠂ ᠬᠤᠷᠰᠢᠶ᠎ᠠ ᠶᠢᠨ ᠬᠤᠨᠴᠢᠷ ᠤᠨ ᠲᠠᠷᠢᠮᠠᠯ ᠤᠨ ᠠᠵᠤ ᠦᠢᠯᠡᠰ ᠢ ᠰᠢᠨ᠎ᠡ ᠬᠥᠭᠵᠢᠯᠲᠡ ᠲᠠᠢ ᠪᠣᠯᠭᠠᠵᠠᠶ᠃ 

黄芪2.jpg

      ᠣᠷᠣᠨ ᠨᠤᠲᠤᠭ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠬᠠᠪᠰᠤᠷᠤᠯᠭ᠎ᠠ ᠨᠢ ᠬᠥᠳᠡᠭᠡ ᠲᠣᠰᠬᠤᠨ ᠤ ᠠᠵᠤ ᠦᠢᠯᠡᠰ ᠤᠨ

ᠬᠥᠭᠵᠢᠯᠲᠡ ᠶᠢ ᠳᠠᠶᠢᠴᠢᠯᠠᠭᠰᠠᠨ ᠢᠶᠠᠷ ᠪᠠᠷᠠᠬᠤ ᠦᠭᠡᠶ ᠪᠠᠰᠠ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠳᠤ ᠦᠷᠭᠦᠯᠵᠢᠯᠡᠨ ᠬᠥᠳᠡᠯᠭᠡᠬᠦ

ᠬᠦᠴᠦᠨ ᠬᠠᠩᠭᠠᠭᠰᠠᠨ ᠪᠠᠶᠢᠨ᠎ᠠ᠃ ᠣᠳᠣᠬᠠᠨ ᠳᠤ᠂ ᠵᠢᠶᠠ ᠯᠢ ᠵᠢᠶᠦ᠋ᠨ ᠤ ᠬᠤᠷᠰᠢᠶ᠎ᠠ ᠨᠢ ᠡᠷᠬᠢᠨ ᠲᠣᠭᠤᠷᠢᠨ ᠤ 5 ᠲᠣᠰᠬᠤᠨ ᠤ 400 ᠭᠠᠷᠤᠢ ᠲᠠᠷᠢᠶᠠᠴᠢᠨ

ᠡᠷᠦᠬᠡ ᠶᠢ ᠲᠠᠶᠢᠴᠢᠯᠠᠨ ᠬᠤᠨᠴᠢᠷ ᠲᠠᠷᠢᠬᠤ ᠦᠢᠯᠡᠰ ᠢ ᠬᠥᠭᠵᠢᠭᠦᠯᠵᠦ᠂ ᠬᠤᠨᠴᠢᠷ ᠤᠨ ᠮᠦ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 2500 ᠲᠥᠭᠦᠷᠢᠭ ᠠᠴᠠ

ᠳᠡᠭᠡᠭᠰᠢ ᠪᠠᠶᠢᠬᠤ ᠪᠥᠭᠡᠳ ᠮᠠᠰᠢ ᠤᠯᠠᠨ ᠲᠣᠰᠬᠤᠨ ᠤ ᠠᠷᠠᠳ ᠭᠠᠵᠠᠷ ᠰᠢᠷᠣᠢ ᠪᠠᠨ ᠮᠦ ᠪᠦᠷᠢ ᠶᠢᠨ 800 ᠲᠥᠭᠦᠷᠢᠭ ᠢᠶᠠᠷ ᠬᠤᠷᠰᠢᠶ᠎ᠠ ᠳᠤ ᠰᠢᠯᠵᠢᠭᠦᠯᠦᠨ

ᠥᠭᠴᠦ᠂ ᠠᠷᠪᠢᠯᠠᠵᠤ ᠭᠠᠷᠭᠠᠭᠰᠠᠨ ᠬᠥᠳᠡᠯᠮᠦᠷᠢ ᠬᠦᠴᠦ ᠨᠢ ᠬᠤᠷᠰᠢᠶ᠎ᠠ ᠳᠤ ᠬᠦᠴᠦ ᠶᠠᠪᠤᠵᠤ᠂ ᠰᠠᠷ᠎ᠠ ᠶᠢᠨ ᠳᠤᠮᠳᠠᠴᠢ ᠣᠷᠣᠯᠭ᠎ᠠ ᠨᠢ 5000 ᠲᠥᠭᠦᠷᠢᠭ

ᠣᠷᠴᠢᠮ ᠪᠠᠶᠢᠪᠠ᠃ ᠠᠵᠤ ᠠᠬᠤᠶᠢᠯᠠᠯ ᠳᠤ ᠠᠪᠴᠤ ᠬᠡᠯᠡᠪᠡᠯ᠂ ᠬᠤᠷᠰᠢᠶ᠎ᠠ ᠨᠢ ᠵᠠᠯᠭᠠᠯᠳᠤᠭᠰᠠᠨ ᠲᠠᠷᠢᠮᠠᠯ ᠤᠨ ᠰᠠᠭᠤᠷᠢᠨ ᠭᠠᠵᠠᠷ ᠲᠠᠢ᠂ ᠦᠢᠯᠡᠳᠪᠦᠷᠢ ᠶᠢᠨ

ᠲᠣᠭᠤᠷᠢᠭ ᠪᠠ ᠲᠠᠷᠢᠶᠠᠯᠠᠩ ᠤᠨ ᠮᠠᠰᠢᠨ ᠴᠤ ᠠᠵᠤ ᠠᠬᠤᠶᠢᠯᠠᠯ ᠤᠨ ᠬᠡᠭᠡᠷ᠎ᠡ ᠶᠢᠨ ᠬᠤᠨᠴᠢᠷ ᠳᠠᠷᠢᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠲᠥᠬᠦᠮ

ᠨᠥᠬᠦᠴᠡᠯ ᠬᠠᠩᠭᠠᠭᠰᠠᠨ ᠪᠠᠶᠢᠨ᠎ᠠ᠃ 

黄芪3.jpg

      ᠥᠪᠥᠷ ᠮᠣᠩᠭᠤᠯ ᠤᠨ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠪᠣᠯᠤᠨ  ᠮᠢᠩᠭᠠᠨ ᠪᠠᠯᠭᠠᠰᠤᠨ ᠤ ᠮᠤᠤ ᠱᠧᠩ ᠲᠠᠷᠢᠶᠠᠯᠠᠩ ᠤᠨ ᠠᠷᠠᠯᠵᠢᠶᠠᠨ ᠤ

ᠲᠤᠰᠬᠠᠶ ᠬᠤᠷᠰᠢᠶ᠎ᠠ ᠶᠢᠨ ᠭᠠᠷ ᠬᠤᠯᠪᠣᠨ ᠬᠠᠮᠲᠤᠷᠠᠯᠴᠠᠬᠤ ᠪᠣᠯ ᠲᠤᠬᠠᠶ ᠶᠢᠨ ᠭᠠᠵᠠᠷ ᠤᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾

ᠠᠵᠢᠯ ᠢ ᠠᠬᠢᠭᠤᠯᠤᠭᠰᠠᠨ ᠤ ᠨᠢᠭᠡᠨ ᠬᠤᠷᠢᠶᠠᠩᠭᠤᠶ ᠳᠦᠷᠰᠦ ᠪᠣᠯᠤᠨ᠎ᠠ᠃ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ

ᠳᠤᠮᠳᠠ᠂ ᠥᠪᠥᠷ ᠮᠣᠩᠭᠤᠯ ᠤᠨ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂

ᠪᠠᠰᠠ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤ᠂ ᠶᠡᠭᠡ ᠰᠢᠭᠡᠲᠡᠶ ᠪᠠᠯᠭᠠᠰᠤ᠂ ᠮᠢᠩᠭᠠᠨ ᠪᠠᠯᠭᠠᠰᠤ᠂ ᠰᠢ ᠱᠠᠨ ᠽᠦᠶ ᠲᠠᠷᠢᠶᠠᠯᠠᠩ ᠤᠨ ᠲᠠᠯᠠᠪᠠᠶ

ᠵᠡᠷᠭᠡ ᠰᠤᠮᠤ ᠪᠠᠯᠭᠠᠰᠤ ᠲᠠᠢ ᠬᠤᠤᠰᠯᠠᠨ ︽ᠬᠤᠯᠪᠤᠭᠠᠯᠠᠬᠤ︾ ᠶᠢ ᠢᠳᠡᠪᠬᠢᠲᠡᠶ ᠬᠡᠷᠡᠭᠵᠢᠭᠦᠯᠵᠦ᠂ ︽ᠠᠵᠤ ᠠᠬᠤᠶᠢᠯᠠᠯ ᠲᠠᠷᠢᠶᠠᠨ ᠭᠠᠵᠠᠷ ᠰᠣᠩᠭᠤᠬᠤ᠂ ᠦᠷ᠎ᠡ

ᠴᠢᠬᠢ ᠶᠢᠨ ᠮᠡᠷᠭᠡᠵᠢᠯ ᠬᠠᠩᠭᠠᠬᠤ᠂ ᠲᠠᠷᠢᠶᠠᠴᠢᠨ ᠡᠷᠦᠬᠡ ᠳᠠᠷᠢᠬᠤ᠂ ᠠᠵᠤ ᠠᠬᠤᠶᠢᠯᠠᠯ ᠬᠢᠨᠠᠨ ᠬᠠᠮᠢᠶᠠᠷᠬᠤ᠂ ᠵᠠᠬᠢᠶᠠᠯᠠᠭ᠎ᠠ ᠶᠢ ᠬᠤᠷᠢᠶᠠᠨ ᠠᠪᠬᠤ︾

ᠬᠠᠮᠲᠤᠷᠠᠯᠴᠠᠭᠠᠨ ᠤ ᠵᠠᠭᠪᠤᠷ ᠢ ᠠᠪᠴᠤ᠂ ᠬᠤᠤᠰᠯᠠᠭᠰᠠᠨ ᠭᠠᠴᠠᠭ᠎ᠠ ᠲᠣᠰᠬᠤᠨ ᠳᠤ ᠳᠠᠭᠤᠷᠢᠶᠠᠮᠠᠯ ᠬᠡᠭᠡᠷ᠎ᠡ ᠶᠢᠨ ᠮᠣᠩᠭᠤᠯ ᠬᠢᠲᠠᠳ ᠡᠮ ᠤᠨ ᠮᠠᠲ᠋ᠧᠷᠢᠶᠠᠯ  ᠲᠠᠷᠢᠵᠤ᠂

ᠺᠣᠮᠫᠠᠨᠢ ᠲᠤᠰᠬᠠᠶ ᠮᠡᠷᠭᠡᠵᠢᠯ ᠤᠨ ᠠᠵᠢᠯᠲᠠᠨ ᠲᠣᠮᠢᠯᠠᠬᠤ ᠪᠥᠬᠦ ᠶᠠᠪᠤᠴᠠ ᠳᠤ ᠵᠢᠯᠣᠭᠤᠳᠣᠯᠭ᠎ᠠ ᠬᠢᠵᠦ᠂ ᠮᠠᠯᠴᠢᠨ ᠲᠠᠷᠢᠶᠠᠴᠢᠨ ᠢ ᠬᠠᠪᠰᠤᠷᠤᠨ ᠠᠰᠠᠭᠤᠳᠠᠯ ᠢ ᠴᠠᠭ

ᠲᠤᠬᠠᠶ ᠳᠤ ᠨᠢ ᠰᠢᠢᠳᠪᠦᠷᠢᠯᠡᠵᠦ᠂ ᠦᠢᠯᠡᠳᠭᠦᠨ ᠤ ᠬᠡᠮᠵᠢᠶ᠎ᠡ ᠪᠠ ᠣᠷᠣᠯᠭ᠎ᠠ  ᠪᠠᠨ ᠨᠡᠮᠡᠭᠳᠡᠭᠦᠯᠬᠦ ᠶᠢ ᠪᠡᠶᠡᠯᠡᠭᠦᠯᠪᠡ᠃ ᠡᠭᠦᠨ ᠤ ᠬᠠᠮᠲᠤ ᠺᠣᠮᠫᠠᠨᠢ ᠡᠮ ᠤᠨ

ᠮᠠᠲ᠋ᠧᠷᠢᠶᠠᠯ ᠬᠤᠳᠠᠯᠳᠤᠨ ᠠᠪᠬᠤ ᠦᠨ᠎ᠡ ᠬᠠᠩᠰᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂

ᠮᠠᠯᠴᠢᠨ ᠲᠠᠷᠢᠶᠠᠴᠢᠨ ᠳᠤ ᠪᠣᠳᠠᠲᠤ ᠠᠰᠢᠭ ᠬᠦᠷᠲᠡᠭᠡᠵᠦ᠂ ᠠᠰᠢᠭ ᠲᠤᠰᠠ ᠶᠢᠨ ᠬᠤᠯᠪᠣᠯᠳᠤᠭᠰᠠᠨ ᠬᠠᠮᠲᠤ ᠶᠢᠨ ᠴᠣᠭᠴᠠ ᠶᠢ ᠦᠨᠡᠨ ᠬᠦ ᠪᠦᠷᠢᠯᠳᠦᠭᠦᠯᠵᠦ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃

黄芪4.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ