ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠴᠢᠳᠠᠪᠬᠢ ᠪᠠᠨ ᠰᠠᠶᠢᠲᠤᠷ ᠬᠦᠢᠴᠡᠳᠭᠡᠵᠦ᠂ | ᠤᠯᠠᠭᠠᠨᠮᠥ᠋ᠴᠢᠷ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠶᠢ ᠡᠭᠦᠳᠦᠨ ᠠᠬᠢᠭᠤᠯᠬᠤ ᠶᠢᠨ ᠲᠣᠰᠠᠳᠠ᠂ ᠣᠶᠢᠷ᠎ᠠ ᠶᠢᠨ ᠡᠳᠦᠷ ᠲᠤ | ᠶᠠᠪᠣᠭᠳᠠᠭᠰᠠᠨ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ᠂ ᠣᠷᠠᠳ | ᠤᠨ ᠡᠮᠦᠨᠡᠲᠤ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢ ᠸᠠᠩ ᠯᠦ᠂ ᠬᠦᠰᠡᠯᠡᠩ ᠲᠣᠰ ᠤᠳᠠᠭᠠᠨ ᠤ ᠪᠥᠬᠦ ᠣᠷᠣᠨ ᠤ ᠤᠳᠬ᠎ᠠ ᠤᠷᠠᠯᠢᠭ ᠤᠨ | ᠴᠢᠳᠠᠪᠤᠷᠢᠲᠠᠨ ᠤ ︽ᠨᠢᠭᠡ ᠳᠤ ᠮᠡᠷᠭᠡᠰᠢᠵᠦ ᠣᠯᠠᠨ ᠳᠤ ᠴᠠᠭᠠᠷᠠᠭᠰᠠᠨ︾ ᠤᠷᠤᠯᠳᠤᠭᠠᠨ ᠳᠤ ᠣᠷᠣᠯᠴᠠᠵᠤ᠂ ᠲᠣᠰ ᠲᠣᠰ ᠬᠤᠶᠠᠳᠤᠭᠠᠷ ᠂ ᠭᠤᠷᠪᠠᠳᠤᠭᠠᠷ ᠳᠡᠰ ᠤᠨ | ᠱᠠᠩᠨᠠᠯ ᠤᠨ ᠬᠢᠷᠢ ᠪᠦᠲᠦᠮᠵᠢ ᠣᠯᠪᠠ᠃ | | | | | ᠥᠪᠥᠷ ᠮᠣᠩᠭᠤᠯ ᠤᠨ ᠤᠯᠠᠭᠠᠨᠮᠥ᠋ᠴᠢᠷ ᠤᠨ ︽ᠨᠢᠭᠡ ᠳᠤ ᠮᠡᠷᠭᠡᠰᠢᠵᠦ ᠣᠯᠠᠨ ᠳᠤ ᠴᠠᠭᠠᠷᠠᠭᠰᠠᠨ︾ ᠤᠷᠤᠯᠳᠤᠭᠠᠨ ᠨᠢ 2010 ᠣᠨ ᠠᠴᠠ ᠡᠬᠢᠯᠡᠨ | ᠶᠠᠪᠤᠭᠳᠠᠵᠤ᠂ ᠨᠢᠭᠡᠨᠲᠡ ᠪᠥᠬᠦ ᠣᠷᠣᠨ ᠤ ᠤᠯᠠᠭᠠᠨᠮᠥ᠋ᠴᠢᠷ ᠤᠨ ᠭᠡᠰᠢᠭᠦᠳ ᠤᠨ ︽ᠨᠢᠭᠡ ᠳᠤ ᠮᠡᠷᠭᠡᠰᠢᠵᠦ ᠣᠯᠠᠨ ᠳᠤ ᠴᠠᠭᠠᠷᠠᠭᠰᠠᠨ︾ ᠴᠢᠳᠠᠪᠤᠷᠢ ᠪᠠᠨ | ᠳᠡᠭᠡᠭᠰᠢᠯᠡᠭᠦᠯᠬᠦ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠢᠯᠡᠷᠡᠭᠦᠯᠬᠦ ᠶᠢ ᠵᠣᠷᠢᠭᠵᠢᠭᠤᠯᠬᠤ ᠴᠢᠬᠤᠯᠠ ᠲᠠᠪᠴᠠᠩ ᠪᠣᠯᠵᠣ ᠬᠥᠭᠵᠢᠪᠡ᠃ ︽ᠨᠢᠭᠡ ᠳᠤ | ᠮᠡᠷᠭᠡᠰᠢᠵᠦ ᠣᠯᠠᠨ ᠳᠤ ᠴᠠᠭᠠᠷᠠᠭᠰᠠᠨ︾ ᠤᠷᠤᠯᠳᠤᠭᠠᠨ ᠪᠣᠯ ᠮᠥᠨ ᠴᠦ ᠤᠯᠠᠭᠠᠨᠮᠥ᠋ᠴᠢᠷ ᠤᠨ ᠡᠩᠨᠡᠭᠡ ᠶᠢᠨ ᠲᠣᠭᠯᠠᠭᠴᠢᠳ ᠢ ᠰᠢᠯᠭᠠᠷᠠᠭᠤᠯᠬᠤ ᠪᠠᠷᠢᠮᠵᠢᠶ᠎ᠠ ᠶᠢᠨ | ᠨᠢᠭᠡ ᠪᠣᠯᠤᠨ᠎ᠠ᠃ ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ 83 ᠤᠯᠠᠭᠠᠨᠮᠥ᠋ᠴᠢᠷ ᠤᠨ 128 ᠭᠡᠰᠢᠭᠦᠨ ᠣᠷᠣᠯᠴᠠᠵᠠᠶ᠃ ᠡᠬᠦᠨ ᠳᠤ ᠣᠷᠠᠳ ᠤᠨ | ᠡᠮᠦᠨᠡᠲᠤ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢ ᠸᠠᠩ ᠯᠣ᠋ ᠪᠣᠯᠣᠨ ᠬᠦᠰᠡᠯᠡᠩ ᠲᠣᠰ ᠲᠣᠰ ᠠᠶ᠎ᠠ ᠳᠠᠭᠤᠣ᠂ ᠱᠤᠭ ᠵᠦᠴᠦᠬᠡ᠂ ᠲᠡᠭᠦᠯᠳᠡᠷ ᠬᠦᠭᠵᠢᠮ᠂ | ᠬᠦᠬᠡᠮᠡᠢ᠂ ᠲᠣᠪᠴᠢᠭᠤᠷ ᠬᠦᠭᠵᠢᠮ ᠢᠶᠠᠷ ᠣᠷᠣᠯᠳᠣᠭᠠᠨ ᠳᠤ ᠣᠷᠣᠯᠴᠠᠭᠰᠠᠨ ᠪᠠᠶᠢᠨ᠎ᠠ᠃ | | | | | | | | ᠲᠣᠰ ᠤᠳᠠᠭᠠᠨ ᠤ ᠤᠷᠤᠯᠳᠤᠭᠠᠨ ᠨᠢ ᠤᠯᠠᠭᠠᠨᠮᠥ᠋ᠴᠢᠷ ᠤᠨ ᠭᠡᠰᠢᠭᠦᠳ ᠤᠨ ᠬᠤᠭᠤᠷᠣᠨᠳᠣᠬᠢ ᠰᠣᠯᠢᠯᠴᠠᠭ᠎ᠠ ᠰᠤᠷᠤᠯᠴᠠᠯᠭ᠎ᠠ ᠳᠤ ᠲᠠᠪᠴᠠᠩ ᠬᠠᠩᠭᠠᠭᠰᠠᠨ | ᠪᠥᠭᠡᠳ ᠤᠯᠠᠭᠠᠨᠮᠥ᠋ᠴᠢᠷ ᠤᠨ ᠭᠡᠰᠢᠭᠦᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ ᠬᠤᠶᠢᠰᠢᠳᠠ ᠶᠢᠨ | ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ᠂ ᠨᠠᠩ ᠰᠢᠯᠢᠳᠡᠭ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠳᠤ | ᠢᠳᠡᠪᠬᠢ ᠦᠢᠯᠡᠳᠦᠯ ᠦᠵᠡᠬᠦᠯᠦᠭᠰᠡᠨ ᠪᠠᠶᠢᠨ᠎ᠠ᠃ | | | | |