ᠤᠷᠠᠳ ᠤᠨ ᠡᠮᠦᠨᠡᠲᠦ ᠬᠤᠰᠢᠭᠤᠨ ᠤ ᠾᠧ ᠷᠦᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠰᠢᠶᠠᠨ ᠹᠧᠩ ᠲᠣᠰᠬᠤᠨ ᠳᠤ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/8/18
       ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠾᠧ ᠷᠦᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠫᠠᠶᠢᠰᠠ ᠰᠡᠬᠦᠬᠦ ᠶᠣᠰᠣᠯᠠᠯ ᠰᠢᠶᠠᠨ ᠹᠧᠩ ᠪᠠᠯᠭᠠᠰᠤᠨ ᠤ ᠰᠢᠶᠠᠨ ᠹᠧᠩ ᠲᠣᠰᠬᠤᠨ ᠳᠤ ᠶᠠᠪᠤᠭᠳᠠᠪᠠ ᠃ ᠡᠨᠡ ᠪᠣᠯ ᠲᠣᠰ ᠪᠠᠯᠭᠠᠰᠤᠨ ᠤ ᠨᠠᠮ ᠤᠨ ᠡᠭᠦᠷ ᠠᠴᠠ ᠳᠠᠭᠠᠭᠤᠯᠤᠨ ᠡᠷᠭᠢᠯᠡᠭᠰᠡᠨ ᠠᠩᠬᠠᠳᠠᠭᠴᠢ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠪᠣᠯᠤᠨ᠎ᠠ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠬᠤᠰᠢᠭᠤᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ  ᠦᠢᠯᠡᠴᠢᠯᠡᠭᠡᠨ ᠤ ᠲᠥᠪ᠂  ᠰᠢᠶᠠᠨ ᠹᠧᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠠᠮᠲᠤ ᠪᠠᠷ ᠬᠤᠷᠰᠢᠶ᠎ᠠ ᠳᠤ ᠫᠠᠶᠢᠰᠠ ᠰᠡᠬᠦᠵᠦ ᠥᠭᠪᠡ᠃ 

合作社1.jpg

      ᠶᠣᠰᠣᠯᠠᠯ ᠳᠡᠭᠡᠷ᠎ᠡ᠂ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠠᠴᠠ ᠥᠷᠭᠡᠨ ᠣᠯᠠᠨ ᠲᠣᠰᠬᠤᠨ ᠤ ᠠᠷᠠᠳ ᠲᠤ ᠬᠤᠷᠰᠢᠶ᠎ᠠ ᠶᠢᠨ ᠬᠥᠮᠦᠰ ᠤᠨ

ᠪᠠᠶᠢᠳᠠᠯ᠂ ᠬᠤᠪᠢ ᠣᠷᠣᠭᠤᠯᠬᠤ ᠵᠠᠭᠪᠤᠷ ᠵᠢᠴᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠯ ᠢ ᠲᠠᠨᠢᠯᠴᠠᠭᠤᠯᠵᠤ᠂ ᠳᠠᠷᠠᠭ᠎ᠠ ᠨᠢ ᠬᠤᠪᠢ

ᠣᠷᠣᠭᠤᠯᠤᠭᠰᠠᠨ ᠠᠷᠠᠳ ᠲᠤ ᠬᠤᠪᠢ ᠣᠷᠣᠭᠤᠯᠤᠯᠲᠠ ᠶᠢᠨ ᠮᠥᠩᠭᠦ ᠶᠢᠨ ᠦᠨᠡᠮᠯᠡᠯ ᠣᠯᠭᠤᠪᠠ᠃

      ᠰᠢᠶᠠᠨ ᠹᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠢᠯᠡᠷᠬᠡᠶᠢᠯᠡᠬᠦ ᠳᠡᠭᠡᠨ᠂ ᠰᠢᠶᠠᠨ ᠹᠧᠩ ᠪᠠᠯᠭᠠᠰᠤ ᠨᠢ ᠲᠥᠷᠥ ᠶᠢᠨ ᠪᠣᠳᠣᠯᠭ᠎ᠠ ᠶᠢᠨ ᠠᠵᠠ

ᠲᠣᠬᠢᠶᠠᠯ ᠢ ᠠᠳᠬᠤᠵᠤ᠂ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠣᠭᠲᠠᠴᠠ ᠶᠢᠨ ᠰᠣᠯᠢᠭᠳᠠᠯ᠂

ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠪᠡᠶᠡᠯᠡᠭᠦᠯᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ

ᠪᠠᠶᠢᠭᠤᠯᠤᠯᠲᠠ ᠶᠢᠨ ᠳᠠᠪᠠᠭᠤᠯᠢᠭ ᠢ ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠭᠢᠯᠡᠬᠦ ᠵᠠᠬ᠎ᠠ ᠳᠡᠯᠭᠡᠭᠦᠷ ᠤᠨ ᠳᠠᠪᠠᠭᠤᠯᠢᠭ᠂ ᠦᠢᠯᠡᠳᠪᠦᠷᠢᠯᠡᠯ ᠤᠨ

ᠳᠠᠪᠠᠭᠤᠯᠢᠭ ᠲᠠᠢ ᠬᠤᠤᠰ ᠴᠢᠭᠯᠡᠯ ᠢᠶᠠᠷ ᠠᠭᠤᠰᠤᠯᠴᠠᠭᠤᠯᠵᠤ᠂ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ

ᠥᠬᠡᠶ ᠴᠢᠩᠭᠠᠳᠬᠠᠵᠤ᠂ ᠬᠤᠷᠰᠢᠶ᠎ᠠ ᠶᠢ ᠠᠵᠤ  ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡᠳᠬᠡᠯ ᠬᠦᠴᠦᠨ᠂ ᠲᠠᠷᠢᠶᠠᠴᠢᠨ ᠲᠦᠮᠡᠨ ᠤ ᠣᠷᠣᠯᠭ᠎ᠠ ᠶᠢ

ᠨᠡᠮᠡᠭᠳᠡᠭᠦᠯᠦᠨ ᠪᠠᠶᠠᠵᠢᠭᠤᠯᠬᠤ ᠬᠥᠳᠡᠯᠭᠡᠭᠦᠷ ᠪᠣᠯᠭᠠᠨ ᠬᠥᠭᠵᠢᠭᠦᠯᠦᠨ᠎ᠡ ᠭᠡᠵᠡᠢ᠃

     ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠣᠭᠤᠷᠢᠨ ᠳᠤ᠂ ᠲᠤᠰᠬᠠᠶ ᠬᠤᠷᠰᠢᠶ᠎ᠠ ᠦᠨᠡᠨ ᠬᠦ ᠳᠠᠭᠠᠭᠤᠯᠬᠤ  ᠦᠢᠯᠡᠳᠦᠯ ᠦᠵᠡᠭᠦᠯᠵᠦ᠂

ᠥᠩᠭᠡᠷᠡᠭᠰᠡᠨ ᠤ ᠵᠠᠷᠢᠮ ᠲᠠᠷᠠᠬᠠᠶ ᠪᠤᠲᠠᠷᠬᠠᠶ ᠬᠤᠳᠠᠯᠳᠤᠭᠠᠴᠢᠨ ᠡᠷᠦᠬᠡ ᠶᠢ ᠲᠥᠪᠯᠡᠷᠡᠭᠦᠯᠵᠦ᠂ ᠣᠯᠠᠨ ᠤ ᠬᠦᠴᠦᠨ ᠴᠢᠳᠠᠯ ᠢ ᠵᠠᠬ᠎ᠠ ᠳᠡᠯᠭᠡᠭᠦᠷ ᠲᠤ ᠦᠯᠡᠳᠡᠭᠡᠬᠦ

ᠬᠡᠷᠡᠭᠲᠡᠶ᠃ ᠣᠲᠣ 21 ᠲᠠᠷᠢᠶᠠᠴᠢᠨ ᠡᠷᠦᠬᠡ ᠣᠷᠣᠯᠴᠠᠵᠤ ᠪᠠᠶᠢᠨ᠎ᠠ᠂ ᠡᠭᠦᠨ ᠳᠤ ᠲᠣᠯᠣᠭᠠᠶᠢᠯᠠᠭᠴᠢ ᠠᠵᠤ ᠠᠬᠤᠶᠢᠯᠠᠯ  ᠶᠣᠤ ᠲᠠᠢ ᠹᠤᠩ ᠺᠣᠮᠫᠠᠨᠢ ᠶᠢ ᠪᠠᠭᠲᠠᠭᠠᠵᠤ᠂

276 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠤᠨ ᠬᠤᠪᠢ ᠣᠷᠣᠭᠤᠯᠵᠤ᠂ ᠬᠤᠷᠰᠢᠶ᠎ᠠ ᠨᠢ ᠵᠣᠬᠢᠬᠤ ᠬᠡᠪᠴᠢᠶ᠎ᠡ ᠶᠢ ᠪᠣᠶ ᠪᠣᠯᠭᠠᠭᠰᠠᠨ ᠤ ᠳᠠᠷᠠᠭ᠎ᠠ ᠨᠠᠩ

ᠣᠯᠠᠨ ᠲᠣᠰᠬᠤᠨ ᠤ ᠠᠷᠠᠳ ᠢ ᠲᠡᠳᠡᠨ ᠣᠷᠣᠯᠴᠠᠭᠤᠯᠵᠤ᠂ ᠬᠦᠴᠦᠨ ᠴᠢᠳᠠᠯ ᠢ ᠨᠢᠭᠲᠠᠷᠠᠭᠤᠯᠤᠨ᠂ ᠬᠠᠮᠲᠤ ᠪᠠᠷ ᠪᠠᠶᠠᠵᠢᠯ ᠤᠨ ᠵᠠᠮ ᠢᠶᠠᠷ ᠶᠠᠪᠤᠨ᠎ᠠ︾ ᠭᠡᠵᠦ ᠰᠢᠶᠠᠨ

ᠹᠧᠩ ᠲᠣᠰᠬᠤᠨ ᠤ ᠨᠠᠮ ᠤᠨ ᠡᠭᠦᠷ ᠤᠨ ᠱᠦᠵᠢ ᠦ᠋ ᠰᠢᠶᠠᠨ ᠰᠦᠸᠧ ᠰᠤᠷᠪᠤᠯᠵᠢᠯᠠᠭᠴᠢ ᠳᠤ ᠬᠡᠯᠡᠪᠡ᠃ 

合作社2.jpg

      ᠣᠶᠢᠯᠠᠭᠠᠭᠰᠠᠨ ᠢᠶᠠᠷ᠂ ᠬᠤᠷᠰᠢᠶ᠎ᠠ ᠨᠢ ᠡᠷᠭᠢᠯᠲᠡ ᠳᠤ ᠣᠷᠣᠭᠤᠯᠬᠤ᠂ ᠨᠠᠶᠢᠳᠠᠨ ᠬᠠᠮᠢᠶᠠᠷᠤᠭᠤᠯᠬᠤ᠂ ᠪᠡᠶ᠎ᠡ ᠪᠠᠨ ᠳᠠᠭᠠᠭᠠᠵᠤ ᠡᠵᠡᠩᠨᠡᠬᠦ ᠵᠠᠭᠪᠤᠷ ᠢ ᠬᠡᠷᠡᠭᠯᠡᠨ᠂

ᠬᠤᠷᠰᠢᠶ᠎ᠠ ᠳᠤ ᠤᠷᠤᠭᠰᠠᠨ ᠠᠵᠤ ᠠᠬᠤᠶᠢᠯᠠᠯ ᠪᠠ ᠲᠠᠷᠢᠶᠠᠴᠢᠨ ᠡᠷᠦᠬᠡ ᠳᠤ ᠲᠥᠪᠯᠡᠷᠡᠭᠦᠯᠦᠨ ᠬᠤᠳᠠᠯᠳᠤᠨ ᠠᠪᠬᠤ᠂ ᠲᠠᠷᠢᠶᠠᠯᠠᠩ ᠤᠨ ᠮᠠᠰᠢᠨ ᠢ ᠲᠥᠪᠯᠡᠷᠡᠭᠦᠯᠦᠨ

ᠠᠵᠢᠯᠯᠠᠬᠤ᠂ ᠲᠥᠪᠯᠡᠷᠡᠭᠦᠯᠦᠨ ᠪᠣᠷᠣᠯᠠᠭᠤᠯᠬᠤ  ᠦᠢᠯᠡᠴᠢᠯᠡᠭᠡ ᠬᠠᠩᠭᠠᠬᠤ ᠶᠢᠨ ᠬᠠᠮᠲᠤ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂

ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠰᠣᠯᠢᠯᠴᠠᠭ᠎ᠠ ᠪᠠ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠦᠨ᠎ᠡ᠃ ᠬᠠᠪᠰᠤᠷᠤᠯᠴᠠᠨ ᠬᠠᠮᠲᠤᠷᠠᠯᠴᠠᠬᠤ ᠪᠠᠷ

ᠳᠠᠮᠵᠢᠭᠤᠯᠤᠨ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠲᠠᠷᠢᠮᠠᠯ ᠤᠨ

ᠲᠦᠭᠰᠢᠭᠦᠷᠢ ᠶᠢ ᠪᠠᠭᠤᠷᠠᠭᠤᠯᠵᠤ᠂ ᠠᠵᠤ ᠠᠬᠤᠶᠢᠯᠠᠯ ᠪᠠ ᠲᠠᠷᠢᠶᠠᠴᠢᠨ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ