ᠰᠢ ᠶᠢᠨ ᠫᠢᠩ ᠤᠯᠠᠨ ᠤᠯᠤᠰ ᠤᠨ ᠠᠷᠠᠳ ᠤᠨ ᠪᠦᠯᠬᠦᠮ ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠬᠠᠮᠲᠤ ᠪᠠᠷ ᠨᠠᠶᠢᠳᠠᠪᠤᠷᠢᠵᠢᠭᠤᠯᠬᠤ ᠰᠣᠯᠢᠯᠴᠠᠭ᠎ᠠ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2022/8/18
      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 12 ᠤᠨ ᠴᠠᠬᠢᠯᠭᠠᠨ ᠮᠡᠳᠡᠭᠡ 8 ᠰᠠᠷ᠎ᠠ ᠶᠢᠨ 12 ᠤᠨ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠯᠠᠨ ᠤᠯᠤᠰ ᠤᠨ ᠠᠷᠠᠳ ᠤᠨ ᠪᠦᠯᠬᠦᠮ ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠬᠠᠮᠲᠤ ᠪᠠᠷ ᠨᠠᠶᠢᠳᠠᠪᠤᠷᠢᠵᠢᠭᠤᠯᠬᠤ ᠰᠣᠯᠢᠯᠴᠠᠭ᠎ᠠ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠬᠥᠭᠵᠢᠯᠲᠡ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠭᠤᠣᠯ ᠰᠡᠳᠦᠪ ᠮᠥᠨ᠂ ᠡᠯ᠎ᠡ ᠤᠯᠤᠰ ᠤᠨ ᠠᠷᠠᠳ ᠲᠦᠮᠡᠨ ᠬᠥᠭᠵᠢᠯᠲᠡ ᠪᠠᠷ ᠳᠠᠮᠵᠢᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠣᠳᠣᠬᠠᠨ ᠳᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠤᠯᠠᠨ ᠵᠦᠢᠯ ᠤᠨ ᠬᠦᠴᠦᠨ ᠵᠦᠢᠯ ᠳᠤ ᠨᠥᠯᠥᠭᠡᠯᠡᠭᠳᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠠᠬᠢᠴᠠ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠤ ᠡᠮᠦᠨ᠎ᠡ᠂ ᠪᠢᠳᠡ ᠭᠠᠭᠴᠠ ᠬᠦ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠭᠢᠯ ᠨᠢᠭᠡᠲᠦᠨ ᠬᠠᠮᠲᠤᠷᠠᠯᠴᠠᠵᠤ᠂ ᠡᠷᠡᠰ ᠭᠤᠶᠢᠪᠢᠰᠢ ᠦᠭᠡᠢ ᠪᠠᠷ ᠬᠢᠵᠢᠭ ᠲᠠᠢ ᠲᠡᠮᠡᠴᠡᠵᠦ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠦ ᠬᠥᠭᠵᠢᠯᠲᠡ ᠶᠢ ᠠᠬᠢᠭᠤᠯᠤᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠦᠨᠡᠨ ᠬᠦ ᠨᠠᠶᠢᠳᠠᠪᠤᠷᠢᠵᠢᠭᠤᠯᠪᠠᠯ᠂ ᠡᠯ᠎ᠡ ᠤᠯᠤᠰ ᠤᠨ ᠠᠷᠠᠳ ᠲᠦᠮᠡᠨ ᠰᠠᠶ᠋ᠢ ᠰᠠᠶᠢᠨ ᠰᠠᠶᠢᠬᠠᠨ ᠠᠮᠢᠳᠤᠷᠠᠯ ᠢ ᠡᠳ᠋ᠯᠡᠵᠦ᠂ ᠬᠥᠮᠦᠨ ᠲᠥᠷᠥᠯᠬᠢᠲᠡᠨ ᠤ ᠨᠡᠶᠢᠭᠡᠮ ᠰᠠᠶ᠋ᠢ ᠨᠡᠩ ᠰᠠᠶᠢᠨ ᠰᠠᠶᠢᠬᠠᠨ ᠢᠷᠡᠭᠡᠳᠦᠢ ᠶᠢ ᠤᠭᠲᠤᠨ ᠠᠪᠴᠢᠷᠠᠵᠤ ᠴᠢᠳᠠᠨ᠎ᠠ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠳᠡᠯᠡᠬᠡᠢ ᠨᠡᠶᠢᠭᠡᠮ ᠢᠶᠠᠷ ᠢᠶᠠᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠢᠭᠲᠠᠷᠠᠭᠤᠯᠵᠤ᠂ ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ ᠨᠦᠬᠦᠴᠡᠯ ᠢ ᠴᠢᠷᠮᠠᠶᠢᠨ ᠪᠤᠢ ᠪᠣᠯᠭᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠢᠳᠡᠪᠬᠢᠲᠡᠢ ᠪᠤᠶᠢᠵᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢ ᠭᠠᠷ ᠬᠤᠯᠪᠣᠯᠴᠠᠨ ᠪᠠᠶᠢᠭᠤᠯᠪᠠᠯ ᠵᠤᠬᠢᠨ᠎ᠠ᠃ ᠤᠯᠠᠨ ᠤᠯᠤᠰ ᠤᠨ ᠠᠷᠠᠳ ᠤᠨ ᠪᠦᠯᠬᠦᠮ ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠦᠨᠡᠨ ᠬᠦ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠨᠡᠩ ᠪᠠᠲᠤ ᠪᠠᠬᠢ ᠠᠷᠠᠳ ᠤᠨ ᠰᠠᠨᠠᠭᠠᠨ ᠤ ᠰᠠᠭᠤᠷᠢ ᠶᠢ ᠴᠣᠭᠴᠠᠯᠠᠵᠤ᠂ ᠨᠡᠩ ᠬᠦᠴᠦᠲᠡᠢ ᠠᠷᠠᠳ ᠤᠨ ᠰᠡᠳᠭᠢᠯ ᠤᠨ ᠲᠤᠯᠭᠠᠭᠤᠷᠢᠯᠠᠯ ᠬᠠᠩᠭᠠᠨ᠎ᠠ ᠭᠡᠳᠡᠭ ᠢ ᠪᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠶ᠋ᠯᠡᠰ ᠢ ᠲᠦᠷᠭᠡᠳᠭᠡᠨ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ᠂ ᠬᠥᠭᠵᠢᠨ ᠴᠡᠴᠡᠭᠯᠡᠭᠰᠡᠨ ᠰᠢᠨ᠎ᠡ ᠴᠠᠭ ᠦᠶ᠎ᠡ ᠶᠢ ᠬᠠᠮᠲᠤ ᠪᠠᠷ ᠴᠣᠭᠴᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ