8 ᠰᠠᠷ᠎ᠠ ᠶᠢᠨ 16 ᠤ ᠡᠳᠦᠷ ᠬᠡᠪᠯᠡᠭᠳᠡᠭᠰᠡᠨ 16 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠪᠦᠬᠦ ᠨᠠᠮ ᠢᠶᠠᠷ ᠢᠶᠠᠨ ᠡᠷᠬᠡᠪᠰᠢ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ | ᠨᠡᠶᠢᠲᠡᠯᠡᠪᠡ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠰᠢᠰᠲ᠋ᠧᠮᠲᠤ ᠤᠨᠤᠯ ᠤᠨ ᠰᠢᠰᠲ᠋ᠧᠮ ᠪᠣᠯᠤᠨ᠎ᠠ᠂ ᠬᠥᠭᠵᠢᠯᠲᠡ ᠶᠢᠨ ᠬᠠᠷᠠᠯᠲᠠ᠂ | ᠬᠥᠳᠡᠯᠭᠡᠬᠦ ᠬᠦᠴᠦᠨ᠂ ᠠᠷᠭ᠎ᠠ ᠬᠡᠯᠪᠡᠷᠢ᠂ ᠠᠷᠭ᠎ᠠ ᠵᠠᠮ ᠵᠡᠷᠭᠡ ᠠᠯᠢ ᠤᠯᠠᠨ ᠤᠨᠤᠯ ᠪᠣᠯᠤᠨ ᠦᠢᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠦ᠂ | ᠬᠥᠭᠵᠢᠯᠲᠡ ᠶᠢᠨ ᠲᠤᠬᠠᠢ ᠮᠠᠨ ᠤ ᠨᠠᠮ ᠤᠨ ᠤᠯᠤᠰ ᠲᠦᠷᠦ ᠶᠢᠨ ᠵᠣᠭᠰᠣᠯᠲᠠ᠂ ᠦᠷᠳᠡᠭ ᠤᠨ ᠤᠳᠤᠷᠢᠳᠤᠮᠵᠢ᠂ ᠬᠥᠭᠵᠢᠯᠲᠡ ᠶᠢᠨ ᠵᠠᠭᠪᠤᠷ᠂ ᠬᠥᠭᠵᠢᠯᠲᠡ ᠶᠢᠨ | ᠵᠠᠮ ᠵᠡᠷᠭᠡ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠢ ᠲᠣᠳᠣᠷᠬᠠᠶᠢᠯᠠᠨ ᠥᠭᠦᠯᠡᠵᠦ᠂ ᠪᠦᠬᠦ ᠨᠠᠮ ᠢᠶᠠᠷ ᠢᠶᠠᠨ ᠡᠷᠬᠡᠪᠰᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠯᠠᠪᠳᠠᠭᠤᠨ ᠪᠠᠲᠤᠲᠠᠢ ᠲᠤᠭᠤᠰᠢᠯᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ᠂ ᠲᠥᠪ ᠤᠨ ᠳᠠᠪᠬᠤᠷᠭ᠎ᠠ ᠴᠤ ᠲᠡᠷᠡ ᠰᠠᠯᠠᠭ᠎ᠠ ᠮᠥᠴᠢᠷ ᠤᠨ ᠳᠠᠪᠬᠤᠷᠭ᠎ᠠ ᠬᠡᠰᠡᠨ ᠦᠬᠡᠢ᠂ ᠮᠤᠵᠢ ᠶᠢᠨ | ᠱᠠᠲᠤᠨ ᠤ ᠳᠠᠪᠬᠤᠷᠭ᠎ᠠ ᠴᠤ ᠲᠡᠷᠡ ᠮᠤᠵᠢ ᠶᠢᠨ ᠱᠠᠲᠤᠨ ᠠᠴᠠ ᠳᠣᠷᠣᠭᠰᠢᠬᠢ ᠡᠯ᠎ᠡ ᠱᠠᠲᠤᠨ ᠤ ᠳᠠᠪᠬᠤᠷᠭ᠎ᠠ ᠬᠡᠰᠡᠨ ᠦᠬᠡᠢ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤᠮᠳᠠ ᠴᠥᠮ ᠪᠦᠷᠢᠨ ᠪᠦᠲᠦᠨ ᠡᠵᠡᠮᠳᠡᠵᠦ᠂ ᠣᠨᠣᠪᠴᠢᠲᠠᠢ ᠣᠶᠢᠯᠠᠭᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠬᠤ ᠬᠡᠷᠡᠭᠲᠡᠢ᠃ | ᠭᠤᠣᠯ ᠵᠥᠷᠢᠴᠡᠯ ᠪᠣᠯᠤᠨ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢ ᠨᠥᠯᠥᠭᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ | ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠢᠨ᠎ᠡ ᠶᠢ ᠡᠭᠦᠳᠬᠦ ᠬᠥᠭᠵᠢᠯᠲᠡ᠂ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ | ᠬᠥᠭᠵᠢᠯᠲᠡ᠂ ᠨᠡᠭᠡᠭᠡᠯᠲᠡᠲᠦ ᠬᠥᠭᠵᠢᠯᠲᠡ᠂ ᠬᠠᠮᠲᠤ ᠪᠠᠷ ᠡᠳ᠋ᠯᠡᠬᠦ ᠬᠥᠭᠵᠢᠯᠲᠡ ᠶᠢ ᠠᠵᠢᠯ ᠤᠨ ᠳᠤᠮᠳᠠ ᠪᠠᠨ ᠴᠥᠮ ᠠᠩᠬᠠᠷᠴᠤ᠂ ᠲᠡᠭᠦᠨ ᠢ ᠬᠠᠮᠵᠢᠯᠴᠠᠨ | ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠦᠨᠳᠦ ᠬᠦᠡᠭᠭᠡᠨ ᠢ ᠨᠢ ᠲᠡᠩᠴᠡᠭᠦᠷᠢ ᠦᠭᠡᠢ ᠪᠠᠶᠢᠯᠭᠠᠵᠤ ᠪᠣᠯᠬᠤ ᠦᠭᠡᠢ᠂ ᠥᠷᠥᠭᠡᠰᠦᠬᠡᠯ ᠲᠠᠯ᠎ᠠ ᠪᠠᠷ | ᠪᠦᠬᠦ ᠲᠠᠯ᠎ᠠ ᠶᠢ ᠣᠷᠣᠯᠠᠭᠤᠯᠵᠤ ᠪᠣᠯᠬᠤ ᠦᠭᠡᠢ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ | ᠡᠷᠬᠡᠪᠰᠢ ᠬᠠᠮᠲᠤ ᠪᠠᠷ ᠪᠠᠶᠠᠵᠢᠬᠤ ᠠᠰᠠᠭᠤᠳᠠᠯ ᠢ ᠨᠡᠩ ᠴᠢᠬᠤᠯᠠᠴᠢᠯᠠᠬᠤ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠲᠡᠷᠡ ᠴᠢᠭ ᠢᠶᠠᠷ ᠢᠶᠠᠨ ᠨᠡᠶᠢᠭᠡᠮ ᠵᠢᠷᠤᠮᠲᠤ | ᠣᠳᠣᠬᠢᠴᠢᠯᠠᠯᠲᠠ ᠶᠢᠨ ᠨᠢᠭᠡᠨ ᠴᠢᠬᠤᠯᠠ ᠬᠠᠷᠠᠯᠲᠠ ᠮᠥᠨ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ | ᠬᠠᠩᠭᠠᠬᠤ ᠶᠢ ᠢᠮᠠᠭᠲᠠ ᠬᠥᠭᠵᠢᠯᠲᠡ ᠶᠢᠨ ᠵᠤᠷᠢᠯᠲᠠ ᠪᠠ ᠲᠤᠰᠤᠯᠲᠠ ᠪᠣᠯᠭᠠᠵᠤ᠂ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠤ ᠡᠨᠡ ᠠᠰᠠᠭᠤᠳᠠᠯ ᠢ ᠲᠠᠰᠤᠷᠠᠯᠳᠠ | ᠦᠭᠡᠢ᠂ ᠠᠯᠬᠤᠮ ᠠᠯᠬᠤᠮ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠪᠣᠯ ᠨᠢᠭᠡᠨ ᠤᠷᠳᠤ | ᠬᠤᠭᠤᠴᠠᠭᠠᠨ ᠤ ᠡᠭᠦᠷᠭᠡ ᠮᠥᠨ᠂ ᠪᠠᠰᠠ ᠴᠤ ᠨᠢᠭᠡᠨ ᠪᠣᠳᠠᠲᠤ ᠡᠭᠦᠷᠭᠡ ᠮᠥᠨ᠂ ᠶᠠᠭᠠᠷᠠᠵᠤ ᠪᠣᠯᠬᠤ ᠦᠭᠡᠢ ᠮᠦᠷᠲᠡᠭᠡᠨ ᠬᠦᠯᠢᠶᠡᠵᠦ ᠴᠦ ᠪᠣᠯᠬᠤ ᠦᠭᠡᠢ᠂ ᠡᠷᠬᠡᠪᠰᠢ | ᠨᠡᠩ ᠴᠢᠬᠤᠯᠠ ᠪᠠᠶᠢᠷᠢᠨ ᠳᠤ ᠲᠠᠯᠪᠢᠵᠤ᠂ ᠯᠠᠪᠳᠠᠭᠤᠨ ᠪᠠᠲᠤᠲᠠᠢ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠡᠨᠡ ᠬᠦ ᠬᠠᠷᠠᠯᠲᠠ ᠶᠢ ᠴᠢᠭᠯᠡᠨ ᠨᠡᠩ | ᠢᠳᠡᠪᠬᠢᠲᠡᠢ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠤᠭᠤᠯᠬᠤ ᠬᠡᠷᠡᠭᠲᠡᠢ ᠮᠥᠷᠲᠡᠭᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ ᠪᠠᠶᠢᠭᠤᠯᠤᠮᠵᠢ ᠲᠣᠭᠲᠠᠴᠠ ᠶᠢᠨ ᠪᠠᠲᠤᠯᠠᠭ᠎ᠠ ᠬᠠᠩᠭᠠᠬᠤ | ᠬᠡᠷᠡᠭᠲᠡᠢ᠃ ᠨᠢᠭᠡᠨᠲᠡ ᠬᠢᠭᠰᠡᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠴᠢᠳᠠᠪᠤᠷᠢ ᠶᠢ | ᠨᠡᠮᠡᠭᠳᠡᠭᠦᠯᠬᠦ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ᠂ ᠨᠡᠭᠡᠭᠡᠯᠲᠡ ᠶᠢᠨ ᠲᠦᠪᠰᠢᠨ ᠢ | ᠳᠡᠭᠡᠭᠰᠢᠯᠡᠭᠦᠯᠬᠦ᠂ ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠲᠥᠰᠦᠯ ᠢ ᠨᠠᠩ ᠣᠨᠣᠪᠴᠢᠲᠠᠶ ᠲᠤᠭᠳᠠᠭᠠᠵᠤ᠂ ᠲᠦᠷᠢᠮ ᠤᠨ ᠰᠢᠰᠲ᠋ᠧᠮ ᠢ ᠨᠠᠩ | ᠪᠥᠬᠦ ᠲᠠᠯ᠎ᠠ ᠪᠠᠷ ᠲᠡᠭᠦᠯᠳᠡᠷᠵᠢᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠣᠯᠤᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯ ᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ | ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠤᠨ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ ᠪᠠᠰᠠ ᠲᠦᠢᠯ ᠤᠨ ᠴᠢᠬᠤᠯᠠ ᠤᠯᠤᠰ ᠲᠦᠷᠦ ᠶᠢᠨ ᠱᠠᠭᠠᠷᠳᠠᠯᠭ᠎ᠠ ᠮᠦᠨ᠃ ᠥᠭᠡᠷᠡᠴᠢᠯᠡᠯᠲᠡ ᠬᠢᠬᠦ | ᠬᠥᠭᠵᠢᠭᠦᠯᠬᠦ ᠲᠣᠭᠲᠠᠭᠤᠨ ᠪᠠᠶᠢᠯᠭᠠᠬᠤ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ | ᠴᠡᠷᠢᠭ ᠢ ᠵᠠᠰᠠᠬᠤ ᠵᠡᠷᠭᠡ ᠨᠢ ᠴᠦᠮ ᠤᠯᠤᠰ ᠲᠦᠷᠦ ᠶᠢᠨ ᠶᠠᠪᠤᠳᠠᠯ ᠪᠠᠶᠢᠵᠤ᠂ ᠤᠯᠤᠰ ᠲᠦᠷᠦ ᠠᠴᠠ ᠰᠠᠯᠵᠤ ᠴᠢᠳᠠᠬᠤ ᠦᠭᠡᠢ ᠶᠤᠮ᠃ ᠨᠠᠮ ᠠᠴᠠ ᠠᠷᠠᠳ | ᠲᠦᠮᠡᠨ ᠢ ᠤᠳᠤᠷᠢᠳᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠬᠠᠮᠤᠭ ᠤᠨ ᠴᠢᠬᠤᠯᠠ ᠨᠢ ᠡᠯ᠎ᠡ ᠵᠦᠢᠯ ᠤᠨ ᠨᠠᠷᠢᠨ ᠪᠤᠳᠤᠯᠢᠶᠠᠨᠲᠠᠢ ᠤᠯᠤᠰ ᠲᠦᠷᠦ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ | ᠪᠠᠷᠢᠮᠲᠠᠯᠠᠬᠤ ᠬᠡᠷᠡᠭᠲᠡᠢ᠃ ᠪᠠᠶᠢᠳᠠᠯ ᠪᠤᠳᠤᠯᠢᠶᠠᠨᠲᠠᠢ᠂ ᠡᠭᠦᠷᠭᠡ ᠪᠡᠷᠬᠡ ᠬᠠᠲᠠᠭᠤᠵᠢᠯᠲᠠᠢ ᠪᠣᠯᠬᠤ ᠲᠤᠳᠤᠮ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠯᠠᠮ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠲᠤᠭᠤᠰᠢᠯᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠠᠵᠢᠯ ᠤᠨ ᠳᠤᠮᠳᠠ ᠪᠠᠨ ᠤᠯᠠᠮ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ | ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠲᠡᠰ ᠤᠨ ᠺᠠᠳ᠋ᠷ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ | ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠰᠡᠳᠭᠢᠯ ᠳᠡᠭᠡᠨ ᠪᠤᠳᠤᠵᠦ᠂ | ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠬᠦ᠂ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠴᠢᠬᠤᠯᠠ ᠶᠡᠭᠡ ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ ᠠᠵᠢᠯ ᠢ ᠠᠬᠢᠭᠤᠯᠬᠤ ᠦᠢᠯᠡᠳᠦᠯᠭᠡ ᠳᠤᠮᠳᠠ | ᠢᠯᠡᠷᠡᠭᠦᠯᠵᠦ᠂ ᠦᠷᠭᠦᠯᠵᠢ ᠬᠠᠷᠭᠤᠭᠤᠯᠤᠨ ᠪᠠᠷᠢᠮᠵᠢᠶᠠᠯᠠᠵᠤ᠂ ᠬᠡᠯᠪᠠᠶᠢᠭᠦᠦ ᠵᠦᠢᠯ ᠢᠶᠠᠨ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |