8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤᠨ ᠤ ᠬᠢᠨ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠲᠠᠶᠢᠰᠠᠨ ᠤ ᠮᠥᠷᠦ᠋ᠢᠴᠡᠭᠡᠨ︾ ᠢ ᠲᠣᠭᠤᠷᠢᠨ | ᠦᠵᠡᠵᠦ ᠬᠤᠯᠪᠣᠭᠠᠯᠠᠨ ᠦᠨᠡᠯᠡᠬᠦ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠪᠡ᠃ | ᠬᠤᠰᠢᠭᠤᠨ ᠤ ᠤᠳᠤᠷᠢᠳᠤᠯᠭ᠎ᠠ ᠸᠠᠩ ᠵᠢᠶᠦ᠋ᠨ ᠵᠢᠶᠧ᠂ ᠤᠶᠤᠨ᠎ᠠ᠂ ᠬᠤᠤ ᠮᠢᠨ᠂ ᠯᠢᠦ ᠶᠤᠸᠠᠢ ᠮᠢᠩ᠂ ᠵᠢᠶᠠᠨ ᠶᠦᠩ ᠴᠢᠩ᠂ ᠠᠯᠳᠠᠨᠪᠠᠭᠠᠨ᠎ᠠ᠂ ᠰᠤ᠋ ᠴᠠᠩ | ᠂ ᠹᠠᠨ ᠵᠢᠶᠦ᠋ᠨ ᠬᠤᠢ᠂ ᠵᠢᠶᠠᠩ ᠰᠢᠤᠸᠠᠢ᠂ ᠵᠠᠩ ᠶᠤᠸᠠᠢ ᠶᠢᠩ ᠵᠢᠴᠢ ᠲᠣᠭᠤᠷᠢᠨ ᠦᠵᠡᠬᠦ ᠬᠠᠮᠲᠤᠷᠠᠭᠰᠠᠨ ᠦᠨᠡᠯᠡᠯᠲᠡ ᠶᠢᠨ ᠳᠤᠭᠤᠶᠢᠯᠠᠩ ᠤᠨ ᠪᠦᠷᠢᠯᠳᠦᠬᠦᠨ᠂ | ᠡᠯ᠎ᠡ ᠰᠤᠮᠤ ᠪᠠᠯᠭᠠᠰᠤᠨ ᠤ ᠱᠦᠵᠢ ᠵᠡᠷᠭᠡ 30 ᠭᠠᠷᠤᠢ ᠬᠥᠮᠦᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠬᠠᠮᠲᠤᠷᠠᠭᠰᠠᠨ ᠦᠨᠡᠯᠡᠯᠲᠡ ᠶᠢᠨ ᠠᠵᠢᠯᠯᠠᠭ᠎ᠠ ᠳᠤ | ᠣᠷᠣᠯᠴᠠᠪᠠ᠃ | | | | | ᠲᠣᠭᠤᠷᠢᠨ ᠦᠵᠡᠬᠦ ᠬᠠᠮᠲᠤᠷᠠᠭᠰᠠᠨ ᠦᠨᠡᠯᠡᠯᠲᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠪᠦᠬᠦ ᠬᠤᠰᠢᠭᠤᠨ ᠤ 11 ᠰᠤᠮᠤ ᠪᠠᠯᠭᠠᠰᠤᠨ ᠤ | ᠲᠣᠭᠤᠷᠢᠨ ᠦᠵᠡᠬᠦ ᠴᠡᠭ ᠲᠤ ᠬᠦᠷᠴᠦ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ᠂ ᠲᠠᠶᠢᠯᠪᠤᠷᠢᠯᠠᠬᠤ ᠶᠢ ᠰᠣᠨᠣᠰᠬᠤ᠂ ᠵᠢᠭᠰᠠᠭᠠᠯ ᠤᠨ ᠭᠠᠵᠠᠷ ᠢ ᠦᠵᠡᠬᠦ᠂ | ᠲᠤᠷᠰᠢᠯᠭ᠎ᠠ ᠪᠠᠨ ᠢᠯᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠰᠡᠳᠬᠢᠴᠡ᠂ ᠪᠣᠳᠠᠲᠠᠢ ᠠᠷᠭ᠎ᠠ᠂ ᠤᠷᠳᠤ ᠬᠤᠭᠤᠴᠠᠭᠠᠨ ᠤ | ᠲᠥᠯᠥᠪᠵᠢᠭᠦᠯᠭᠡ᠂ ᠠᠵᠢᠯ ᠤᠨ ᠳ᠋ᠦᠩᠨᠡᠯᠲᠡ ᠪᠠᠨ ᠶᠠᠷᠢᠯᠴᠠᠪᠠ᠃ ᠤᠯᠠᠨ ᠢᠶᠠᠷ ᠢᠶᠠᠨ ᠰᠡᠳᠬᠢᠯ ᠲᠠᠯᠪᠢᠨ ︽ᠦᠵᠡᠵᠦ︾᠂ ᠨᠠᠷᠢᠨ ᠬᠢᠨᠠᠮᠠᠭᠠᠢ ︽ᠰᠤᠷᠤᠯᠴᠠᠵᠤ︾᠂ | ᠲᠠᠷᠢᠬᠢ ᠪᠠᠨ ᠬᠥᠳᠡᠯᠭᠡᠨ ︽ᠪᠣᠳᠣᠯᠬᠢᠯᠠᠵᠤ︾᠂ ᠬᠠᠷᠢᠴᠠᠭᠤᠯᠤᠯ ᠳᠤᠮᠳᠠ ᠵᠦᠷᠢᠶ᠎ᠡ ᠪᠠᠨ ᠢᠯᠡᠷᠡᠭᠦᠯᠵᠦ᠂ ᠬᠥᠭᠵᠢᠯᠲᠡ ᠶᠢᠨ ᠴᠢᠭᠯᠡᠯ ᠢᠶᠠᠨ ᠡᠷᠢᠪᠡ᠃ | ᠣᠯᠠᠨ ᠢᠶᠠᠷ ᠢᠶᠠᠨ ᠮᠡᠳᠡᠷᠡᠭᠰᠡᠨ ᠨᠢ᠂ ᠡᠯ᠎ᠡ ᠲᠣᠭᠤᠷᠢᠨ ᠦᠵᠡᠬᠦ ᠴᠡᠭ ᠨᠢ ᠲᠣᠰ ᠲᠣᠰ ᠤᠨ ᠭᠤᠤᠯᠳᠠᠯᠭ᠎ᠠ ᠲᠠᠢ᠂ ᠲᠣᠰ ᠲᠣᠰ ᠤᠨ ᠣᠨᠴᠠᠯᠢᠭ ᠲᠠᠢ ᠪᠠᠶᠢᠵᠤ | ᠂ ᠨᠢᠭᠡ ᠪᠦᠯᠦᠭ ᠳᠡᠯᠭᠡᠷᠡᠭᠦᠯᠵᠦ ᠪᠣᠯᠬᠤ᠂ ᠲᠣᠯᠢ ᠪᠣᠯᠭᠠᠵᠤ ᠪᠣᠯᠬᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠭᠰᠠᠨ ᠨᠡᠶᠢᠲᠡᠯᠢᠭ ᠵᠢᠱᠢᠶ᠎ᠡ ᠶᠢ ᠢᠯᠡᠷᠡᠭᠦᠯᠪᠡ᠃ ᠲᠣᠭᠤᠷᠢᠨ ᠦᠵᠡᠬᠦ ᠬᠠᠮᠲᠤᠷᠠᠭᠰᠠᠨ ᠦᠨᠡᠯᠡᠯᠲᠡ ᠶᠢᠨ ᠳᠤᠭᠤᠶᠢᠯᠠᠩ ᠨᠢ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠬᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠲᠣᠭᠲᠠᠴᠠ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠶᠢᠨ ᠠᠵᠢᠯ ᠤᠨ ᠪᠠᠷᠢᠮᠵᠢᠶ᠎ᠠ ᠪᠠᠷ | ᠪᠠᠷᠢᠮᠵᠢᠶᠠᠯᠠᠨ ᠬᠠᠷᠭᠤᠭᠤᠯᠬᠤ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠲᠤ ᠰᠢᠯᠭᠠᠨ ᠦᠨᠡᠯᠡᠯᠲᠡ ᠬᠢᠵᠦ᠂ ᠪᠥᠬᠦ ᠬᠤᠰᠢᠭᠤᠨ ᠤ ︽ᠲᠠᠶᠢᠰᠠᠨ ᠤ ᠮᠦᠷᠦᠶᠢᠴᠡᠭᠡᠨ︾ | ᠤ ᠰᠢᠢᠳᠪᠦᠷᠢᠲᠦ ᠤᠷᠤᠯᠳᠤᠭᠠᠨ ᠳᠤ ᠭᠦᠢᠴᠡᠳ ᠪᠡᠯᠡᠳᠬᠡᠯ ᠬᠢᠪᠠ᠃ | | | | | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠲᠣᠭᠤᠷᠢᠨ ᠦᠵᠡᠬᠦ ᠳᠡᠭᠡᠨ᠂ ᠲᠣᠰ | ᠤᠳᠠᠭᠠᠨ ᠤ ᠲᠣᠭᠤᠷᠢᠨ ᠦᠵᠡᠬᠦ ᠶᠠᠪᠤᠴᠠ ᠳᠠᠬᠢ ᠰᠤᠮᠤ ᠪᠠᠯᠭᠠᠰᠤᠨ ᠤ ᠭᠤᠤᠯᠳᠠᠯᠭ᠎ᠠ ᠲᠠᠢ ᠲᠥᠷᠥᠯ ᠵᠦᠢᠯ ᠨᠢ ᠲᠣᠰ ᠲᠣᠰ ᠤᠨ ᠳᠠᠪᠠᠭᠤᠯᠢᠭ ᠪᠠ ᠥᠪᠡᠷᠮᠢᠴᠡ | ᠣᠨᠴᠠᠯᠢᠭ ᠲᠠᠢ ᠪᠠᠶᠢᠵᠤ᠂ ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢᠨ ᠬᠠᠨᠳᠤᠰᠢ ᠶᠢ ᠭᠦᠢᠴᠡᠳ ᠢᠯᠡᠷᠡᠭᠦᠯᠪᠡ᠃ ᠡᠯ᠎ᠡ ᠰᠤᠮᠤ ᠪᠠᠯᠭᠠᠰᠤ᠂ ᠰᠠᠯᠠᠭ᠎ᠠ | ᠮᠥᠴᠢᠷ ᠲᠣᠰ ᠤᠳᠠᠭᠠᠨ ᠤ ᠮᠥᠷᠦ᠋ᠢᠴᠡᠭᠡᠨ ᠢᠶᠠᠷ ᠠᠵᠠ ᠲᠣᠬᠢᠶᠠᠯ ᠪᠣᠯᠭᠠᠨ᠂ ᠬᠥᠭᠵᠢᠯᠲᠡ ᠶᠢᠨ ᠰᠡᠳᠬᠢᠴᠡ ᠪᠠᠨ ᠰᠢᠯᠤᠭᠤᠳᠬᠠᠵᠤ᠂ ᠬᠥᠭᠵᠢᠯᠲᠡ ᠶᠢᠨ | ᠲᠥᠯᠥᠪᠵᠢᠭᠦᠯᠭᠡ ᠪᠠᠨ ᠰᠠᠶᠢᠲᠤᠷ ᠬᠢᠵᠦ᠂ ᠬᠥᠭᠵᠢᠯᠲᠡ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠡᠯ᠎ᠡ ᠭᠠᠴᠠᠭ᠎ᠠ ᠪᠠᠯᠭᠠᠰᠤᠨ ᠤ ᠪᠣᠳᠠᠲᠤ ᠪᠠᠶᠢᠳᠠᠯ ᠢ | ᠦᠨᠳᠦᠰᠦᠯᠡᠨ᠂ ᠤᠷᠢᠳᠴᠢᠯᠠᠨ ᠲᠥᠰᠦᠪᠯᠡᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠡᠯ᠎ᠡ ᠲᠥᠷᠥᠯ ᠤᠨ ᠠᠵᠢᠯ ᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠤᠯᠠᠨ ᠲᠦᠮᠡᠨ ᠤ ᠤᠷᠤᠯᠴᠠᠯᠭ᠎ᠠ ᠪᠠ ᠵᠥᠪᠰᠢᠶᠡᠷᠡᠯ ᠠᠴᠠ ᠰᠠᠯᠵᠤ ᠴᠢᠳᠠᠬᠤ ᠦᠭᠡᠢ᠂ ᠤᠯᠠᠨ ᠲᠦᠮᠡᠨ ᠢ ᠦᠨᠡᠨ ᠬᠦ ᠰᠠᠶᠢᠲᠤᠷ | ᠲᠠᠶᠢᠴᠢᠯᠠᠨ ᠵᠣᠬᠢᠶᠠᠨ ᠪᠠᠶᠢᠭᠤᠯᠵᠤ᠂ ᠤᠯᠠᠨ ᠲᠦᠮᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠭᠤᠣᠯ ᠪᠠᠭᠠᠲᠤᠷ︾ ᠪᠣᠯᠭᠠᠬᠤ ᠬᠡᠷᠡᠭᠲᠡᠢ᠃ | ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠭᠤᠤᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ | ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶ ᠠᠳᠬᠤᠨ ᠨᠠᠷᠢᠯᠢᠭ ᠬᠢᠵᠦ᠂ ᠪᠣᠳᠠᠲᠠᠶ ᠶᠢ ᠡᠷᠬᠢᠮᠯᠡᠭᠰᠡᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡ ᠬᠦ ᠬᠥᠭᠵᠢᠯᠲᠡ ᠶᠢᠨ ᠭᠤᠤᠯ ᠱᠤᠭᠤᠮ ᠤᠨ ᠲᠣᠭᠤᠷᠢᠨ ᠳᠤ᠂ | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠶ ᠭᠡᠪᠡ᠃ | | | | | ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤ ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ︾ ᠪᠠᠷ ᠭᠤᠤᠯ ᠰᠢᠵᠢᠮ ᠪᠣᠯᠭᠠᠵᠤ᠂ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ | ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠦᠢᠯᠡᠰ ᠪᠤᠰᠬᠠᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠶᠢᠬᠤ︾ ᠠᠵᠢᠯ ᠤᠨ | ᠡᠭᠦᠷᠭᠡ ᠪᠠᠷ ᠭᠤᠤᠯᠳᠠᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠤᠷᠤᠯᠳᠤᠭᠠᠨ︾ ᠤ ᠰᠢᠢᠳᠪᠦᠷᠢᠲᠦ | ᠤᠷᠤᠯᠳᠤᠭᠠᠨ ᠢ ᠥᠷᠨᠢᠭᠦᠯᠵᠦ᠂ ᠡᠯ᠎ᠡ ᠰᠤᠮᠤ ᠪᠠᠯᠭᠠᠰᠤᠨ ᠤ ︽ᠬᠢᠷᠢ ᠪᠦᠲᠦᠮᠵᠢ ᠪᠠᠨ ᠭᠠᠶᠢᠬᠠᠭᠤᠯᠬᠤ︾᠂ ᠡᠷᠴᠢ ᠵᠣᠷᠢᠭ ᠢᠶᠠᠨ ᠠᠳᠠᠯᠢᠳᠬᠠᠬᠤ᠂ ᠳᠦᠷᠢ | ᠲᠥᠷᠬᠦ ᠪᠠᠨ ᠢᠯᠡᠷᠡᠭᠦᠯᠬᠦ᠂ ︽ᠪᠣᠯᠪᠠᠰᠤᠷᠠᠬᠤ︾ ᠳᠤᠮᠳᠠ ᠰᠤᠷᠤᠯᠴᠠᠬᠤ᠂ ︽ᠠᠳᠠᠯᠢᠳᠬᠠᠬᠤ︾ ᠳᠤᠮᠳᠠ ᠳᠡᠭᠡᠭᠰᠢᠯᠡᠭᠦᠯᠬᠦ᠂ ︽ᠤᠷᠤᠯᠳᠤᠬᠤ︾ ᠳᠤᠮᠳᠠ | ᠳᠡᠭᠡᠭᠰᠢᠯᠡᠭᠦᠯᠬᠦ᠂ ᠠᠵᠢᠯ ᠬᠢᠵᠦ ᠦᠢᠯᠡᠰ ᠪᠤᠰᠬᠠᠬᠤ ᠴᠤᠭ ᠵᠢᠪᠬᠤᠭ᠎ᠠ ᠶᠢ ᠦᠨᠡᠨ ᠬᠦ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ᠂ ᠲᠣᠰᠠᠬᠠᠶᠢᠵᠢᠭ᠍ᠰᠡᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠴᠣᠭᠴᠠᠯᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ | ᠬᠠᠭᠤᠳᠠᠰᠤ ᠢ ᠴᠢᠷᠮᠠᠶᠢᠨ ᠵᠢᠷᠤᠭᠯᠠᠨ᠎ᠠ᠃ |