2022 ᠣᠨ ᠤ ᠪᠤᠰᠤᠳ ᠰᠢᠷᠢᠰ ᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠤᠨ ᠠᠩᠬᠠᠨ ᠤ ᠬᠢᠨᠠᠯᠲᠠ ᠶᠢ ᠥᠩᠭᠡᠷᠡᠭᠡᠭᠰᠡᠨ ᠬᠥᠮᠦᠰ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/8/18
       2022 ᠣᠨ ᠤ ᠤᠷᠠᠳ ᠤᠨ ᠡᠮᠦᠨᠡᠲᠦ ᠬᠤᠰᠢᠭᠤᠨ ᠤ ᠪᠤᠰᠤᠳ ᠰᠢᠷᠢᠰ ᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠨᠢᠭᠡᠨᠲᠡ ᠳᠠᠭᠤᠰᠴᠤ᠂ ᠣᠲᠣ ᠬᠢᠷᠢ ᠬᠡᠮ ᠤᠨ ᠠᠩᠬᠠᠨ ᠤ ᠬᠢᠨᠠᠯᠲᠠ ᠶᠢ ᠥᠩᠭᠡᠷᠡᠭᠡᠭᠰᠡᠨ ᠬᠥᠮᠦᠰ ᠢ ᠵᠠᠷᠯᠠᠨ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠡᠯ᠎ᠡ ᠰᠠᠯᠠᠭ᠎ᠠ ᠮᠥᠴᠢᠷ᠂ ᠡᠯ᠎ᠡ  ᠨᠢᠭᠡᠴᠢ ᠦᠨᠡᠯᠡᠯᠲᠡ ᠳᠤ ᠣᠷᠣᠯᠴᠠᠬᠤ ᠬᠥᠮᠦᠰ ᠢ ᠵᠣᠬᠢᠶᠠᠨ ᠪᠠᠶᠢᠭᠤᠯᠵᠤ ᠬᠤᠪᠢ ᠬᠥᠮᠦᠨ ᠤ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ᠂ ᠠᠯᠳᠠᠭ᠎ᠠ ᠪᠤᠷᠤᠭᠤ ᠶᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ ᠪᠦᠷ ᠤᠲᠠᠰᠤ᠂ ᠵᠠᠬᠢᠳᠠᠯ᠂ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠵᠠᠷᠯᠠᠨ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠠᠭᠠᠨ ᠦᠨᠡᠨ ᠵᠥᠪ ᠢ ᠪᠠᠲᠤᠯᠠᠬᠤ ᠶᠢᠨ ᠬᠠᠮᠲᠤ ᠪᠢᠴᠢᠭ  ᠮᠠᠲ᠋ᠧᠷᠢᠶᠠᠯ ᠳᠠᠭᠠᠯᠳᠤᠭᠤᠯᠵᠤ᠂ ᠦᠨᠡᠨ ᠪᠣᠳᠠᠲᠠᠢ ᠤᠪᠤᠭ ᠨᠡᠷ᠎ᠡ᠂ ᠬᠠᠷᠢᠯᠴᠠᠬᠤ ᠤᠲᠠᠰᠤ ᠪᠠᠨ ᠪᠢᠴᠢᠵᠦ᠂ ᠮᠠᠨ ᠤ ᠪᠠᠶᠢᠴᠠᠭᠠᠬᠤ ᠠᠵᠢᠯ ᠤᠨ ᠬᠢᠨᠠᠨ ᠬᠠᠷᠭᠤᠭᠤᠯᠬᠤ ᠪᠠ ᠥᠷᠨᠢᠭᠦᠯᠬᠦ ᠳᠤ ᠲᠦᠬᠦᠮ ᠪᠣᠯᠭᠠᠬᠤ ᠬᠡᠷᠡᠭᠲᠡᠢ᠃       ᠢᠯᠡ ᠨᠡᠶᠢᠲᠡᠯᠡᠬᠦ ᠴᠠᠭ ᠨᠢ 7 ᠡᠳᠦᠷ ︵2022 ᠣᠨ ᠤ 8 ᠳ᠋ᠤᠭᠠᠷ ᠰᠠᠷ᠎ᠠ ᠶᠢᠨ 10 ᠤ ᠡᠳᠦᠷ ᠠᠴᠠ 8 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ︶       ᠢᠯᠡᠴᠢᠯᠡᠨ ᠮᠡᠳᠡᠭᠦᠯᠬᠦ ᠤᠲᠠᠰᠤ᠄ 13904782273  ᠢᠯᠡ ᠨᠡᠶᠢᠲᠡᠯᠡᠬᠦ ᠠᠯᠪᠠᠨ ᠬᠡᠷ ᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠰᠠᠯᠠᠭ᠎ᠠ ᠳᠤ ᠲᠣᠬᠢᠷᠠᠭᠤᠯᠪᠠ᠃       ᠬᠠᠷᠢᠯᠴᠠᠬᠤ ᠤᠲᠠᠰᠤ᠄ 04783267866 ︵ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠰᠠᠯᠠᠭ᠎ᠠ︶᠃       ᠳᠠᠭᠠᠯᠳᠤᠭᠤᠯᠤᠯ᠄ ᠤᠷᠠᠳ ᠤᠨ ᠡᠮᠦᠨᠡᠲᠦ ᠬᠤᠰᠢᠭᠤᠨ ᠤ 2022 ᠣᠨ ᠤ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ  ᠢ  ᠭᠤᠶᠤᠴᠢᠯᠠᠨ ᠮᠡᠳᠡᠭᠦᠯᠦᠭᠰᠡᠨ ᠨᠡᠷᠡᠰ ᠤᠨ ᠪᠦᠷᠢᠳᠬᠡᠯ ᠃                                                             ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ                                                    ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                                            2022 ᠣᠨ ᠤ 8 ᠰᠠᠷ᠎ᠠ ᠶᠢᠨ 10 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ