ᠬᠢᠵᠢᠭ ᠢ ᠰᠡᠷᠭᠡᠶᠢᠯᠡᠨ ᠡᠵᠡᠮᠳᠡᠵᠦ ᠪᠠᠶᠢᠭ᠎ᠠ ᠡᠮᠦᠨ᠎ᠡ ᠹᠷᠤᠨᠲ ᠤᠨ ᠡᠷᠦᠬᠡ ᠶᠢᠨ ᠴᠡᠷᠢᠭ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/8/2
     8 ᠰᠠᠷ᠎ᠠ ᠶᠢᠨ 1 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ G6 ᠲᠦᠷᠭᠡᠨ ᠤ ᠵᠠᠰᠠᠮᠠᠯ ᠵᠠᠮ ᠤᠨ ᠮᠤᠨᠠ ᠠᠭᠤᠯᠠ ᠶᠢᠨ ᠭᠠᠷᠬᠤ ᠠᠮᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠴᠢᠯᠡᠭᠡᠨ ᠤ ᠴᠡᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠡᠷᠦᠭᠡ ᠶᠢᠨ ᠴᠡᠷᠢᠭ ᠢ ᠲᠣᠬᠤᠨᠢᠭᠤᠯᠬᠤ ᠶᠢᠨ ᠬᠠᠮᠲᠤ ︽ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠭᠦᠨ ᠪᠠᠶᠢᠵᠤ ᠬᠢᠵᠢᠭ ᠲᠠᠢ ᠲᠡᠮᠡᠴᠡᠬᠦ ᠳᠤ ᠭᠠᠷ ᠬᠤᠯᠪᠣᠨ ᠬᠠᠮᠲᠤ ᠪᠠᠷ ᠤᠷᠤᠭᠰᠢᠯᠠᠶ᠎ᠠ︾ ᠭᠡᠬᠦ ᠬᠡᠮᠡᠷᠯᠢᠭ ᠲᠤᠭ ᠪᠣᠯᠤᠨ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠡᠷᠦᠭᠡ ᠶᠢᠨ ᠴᠡᠷᠢᠭ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ 

慰问民兵1.jpg

     ᠭᠤᠶᠢᠲᠠ ᠰᠠᠶᠢᠬᠠᠨ ᠬᠡᠮᠡᠷᠯᠢᠭ ᠲᠤᠭ ᠪᠣᠯ ᠲᠠᠯᠠᠷᠬᠠᠯ ᠪᠦᠭᠡᠳ ᠨᠡᠩ ᠴᠦ ᠬᠠᠷᠢᠭᠤᠴᠠᠯᠭ᠎ᠠ ᠮᠥᠨ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ

ᠳᠠᠷᠤᠭ᠎ᠠ ᠮᠠᠨᠳᠤᠯ᠎ᠠ᠂ ᠵᠢᠵᠢᠭᠦᠷᠯᠡᠵᠦ ᠪᠠᠶᠢᠭ᠎ᠠ ᠡᠷᠦᠬᠡ ᠶᠢᠨ ᠴᠡᠷᠢᠭ ᠬᠦᠴᠢᠷ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ ᠰᠢᠯᠢᠳᠡᠭ

ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠠᠵᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠰᠡᠷᠭᠡᠶᠢᠯᠡᠯᠲᠡ ᠶᠢᠨ

ᠱᠤᠭᠤᠮ ᠢ ᠪᠠᠲᠤ ᠴᠣᠭᠴᠠᠯᠠᠬᠤ ᠶᠢ ᠬᠦᠰᠡᠪᠡ᠃ 

慰问民兵2.jpg

    ︽ᠬᠠᠯᠠᠭᠤᠨ ᠳᠣᠲᠣᠨᠣ ᠲᠣᠬᠤᠨᠢᠭᠤᠯᠤᠯ ᠨᠢ ᠪᠢᠳᠡᠨ ᠳᠤ ᠠᠵᠢᠯ ᠤᠨ ᠬᠥᠳᠡᠯᠭᠡᠬᠦ ᠬᠦᠴᠦᠨ ᠨᠡᠮᠡᠷᠢᠯᠡᠪᠡ᠂ ᠪᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠠᠵᠢᠯ ᠤᠨ ᠪᠠᠶᠢᠷᠢ ᠳᠡᠭᠡᠷ᠎ᠡ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠨ᠎ᠡ︾  ᠭᠡᠵᠦ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠶᠢᠨ ᠡᠷᠦᠬᠡ ᠶᠢᠨ ᠴᠡᠷᠢᠭ ᠦ᠋ ᠺᠠᠶ

ᠬᠡᠯᠡᠪᠡ᠃

慰问民兵3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ