ᠪᠠᠶᠠᠨᠨᠠᠭᠤᠷ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠣᠷᠠᠳ ᠤᠨ ᠡᠮᠦᠨᠡᠲᠤ ᠬᠤᠰᠢᠭᠤᠨ ᠤ ᠰᠢᠭᠦᠬᠦ ᠬᠤᠷᠢᠶᠠᠨ ᠳᠤ ᠬᠦᠷᠴᠦ ᠬᠦᠢᠴᠡᠳᠭᠡᠭᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/2
     7 ᠰᠠᠷ᠎ᠠ ᠶᠢᠨ 29 ᠤ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠢᠭᠦᠬᠦ ᠬᠤᠷᠢᠶᠠᠨ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠮᠢᠩ ᠯᠢᠶᠠᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠭᠦᠸᠧ ᠸᠧᠨ ᠯᠢᠶᠠᠩ ᠵᠡᠷᠭᠡ 3 ᠬᠥᠮᠦᠨ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠦᠢᠴᠡᠳᠭᠡᠭᠦ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶᠠᠨ ᠤ ᠰᠢᠭᠦᠨ ᠲᠠᠰᠤᠯᠬᠤ ᠵᠥᠪᠯᠡᠯ ᠤᠨ ᠲᠤᠰᠬᠠᠶ ᠲᠤᠰᠢᠶᠠᠯᠲᠤ ᠭᠡᠰᠢᠭᠦᠨ ᠰᠦ᠋ ᠵᠢᠶᠠᠨ ᠵᠥᠩ᠂  ᠬᠦᠢᠴᠡᠳᠭᠡᠭᠦ ᠲᠣᠪᠴᠢᠶᠠᠨ ᠤ ᠳᠠᠷᠤᠭ᠎ᠠ ᠺᠠᠩ  ᠸᠧᠨ ᠵᠢᠴᠢ  ᠬᠦᠢᠴᠡᠳᠭᠡᠭᠦ ᠵᠢᠯᠣᠭᠤᠳᠬᠤ ᠲᠥᠪ ᠤᠨ ᠡᠷᠬᠢᠯᠡᠭᠴᠢ ᠯᠢᠦ ᠬᠠᠶ ᠮᠧᠶ ᠬᠢᠨᠠᠨ ᠵᠢᠯᠣᠭᠤᠳᠬᠤ ᠳᠤ ᠣᠷᠣᠯᠴᠠᠪᠠ᠃ᠬᠤᠷᠠᠯ ᠳᠤ᠂ ᠰᠦ᠋ ᠵᠢᠶᠠᠨ ᠵᠦᠩ ᠠᠴᠠ ᠲᠣᠰ ᠬᠤᠷᠢᠶᠠᠨ ᠤ ᠭᠦᠢᠴᠡᠳᠬᠡᠬᠦ ᠲᠣᠪᠴᠢᠶ᠎ᠠ ᠶᠢᠨ ᠭᠦᠢᠴᠡᠳᠬᠡᠬᠦ ᠪᠠᠨ ᠤᠷᠳᠤ ᠬᠤᠭᠤᠴᠠᠭ᠎ᠠ ᠪᠠᠷ ᠳᠠᠭᠤᠰᠬᠠᠭᠠᠳᠤᠢ ᠪᠠᠶᠢᠭᠰᠠᠨ ᠬᠡᠷᠡᠭ ᠢ ᠡᠮᠬᠢᠯᠡᠨ ᠲᠢᠭᠯᠡᠬᠦ᠂ ᠭᠦᠢᠴᠡᠳᠬᠡᠬᠦ ᠵᠢᠯᠣᠭᠤᠳᠬᠤ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠵᠢᠴᠢ ᠭᠦᠢᠴᠡᠳᠬᠡᠬᠦ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠪᠠ ᠲᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃

法院1.jpg

     ᠳᠤᠭᠤᠶᠢᠯᠠᠩ ᠤᠨ ᠳᠠᠷᠤᠭ᠎ᠠ ᠯᠢᠦ ᠮᠢᠩ ᠯᠢᠶᠠᠩ ᠨᠠᠷ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠡᠮᠦᠨᠡᠲᠦ

ᠬᠤᠰᠢᠭᠤᠨ ᠤ ᠰᠢᠭᠦᠬᠦ ᠬᠤᠷᠢᠶᠠᠨ ᠤ  ᠬᠦᠢᠴᠡᠳᠭᠡᠭᠦ ᠵᠢᠯᠣᠭᠤᠳᠬᠤ ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠶᠡᠷᠦᠩᠬᠡᠶ ᠳᠡᠭᠡᠨ ᠡᠮᠬᠢ ᠵᠢᠷᠤᠮ ᠲᠠᠢ

ᠶᠠᠪᠤᠭᠳᠠᠵᠤ᠂ ᠬᠦᠢᠴᠡᠳᠭᠡᠭᠦ ᠠᠵᠢᠯ ᠤᠨ ᠠᠷᠭ᠎ᠠ ᠬᠡᠮᠵᠢᠶ᠎ᠡ ᠬᠦᠴᠦᠲᠡᠶ᠂ ᠬᠦᠢᠴᠡᠳᠭᠡᠭᠦ ᠲᠣᠪᠴᠢᠶ᠎ᠠ ᠶᠢᠨ ᠪᠥᠬᠦ ᠺᠠᠳ᠋ᠷ ᠴᠠᠭᠳᠠᠭ᠎ᠠ ᠶᠢᠨ ᠨᠢᠭᠲᠠᠷᠠᠯ ᠤᠨ ᠬᠦᠴᠦᠨ

ᠴᠢᠩᠭ᠎ᠠ᠂ ᠬᠦᠢᠴᠡᠳᠭᠡᠭᠦ ᠳᠤ ᠬᠦᠴᠢᠷ ᠪᠠᠶᠢᠬᠤ ᠠᠰᠠᠭᠤᠳᠠᠯ ᠢ  ᠰᠢᠢᠳᠪᠦᠷᠢᠯᠡᠬᠦ ᠠᠭᠤᠷ ᠠᠮᠢᠰᠬᠤᠯ ᠭᠦᠨ ᠵᠤᠵᠠᠭᠠᠨ ᠪᠠᠶᠢᠨ᠎ᠠ ᠬᠡᠪᠡ᠃ ᠡᠷᠬᠢᠯᠡᠭᠴᠢ  ᠬᠦᠸᠧ ᠸᠧᠨ 

ᠯᠢᠶᠠᠩ ᠭᠦᠢᠴᠡᠳᠬᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠵᠢᠯᠤᠭᠤᠳᠤᠯᠭ᠎ᠠ ᠥᠭᠭᠦᠭᠰᠡᠨ ᠪᠥᠭᠡᠳ ᠠᠵᠢᠯ ᠤᠨ ᠰᠠᠨᠠᠭᠤᠯᠭ᠎ᠠ ᠳᠤᠷᠠᠳᠪᠠ᠃

ᠬᠤᠷᠠᠯ ᠳᠤ ᠣᠷᠣᠯᠴᠠᠭᠰᠠᠳ  ᠬᠦᠢᠴᠡᠳᠭᠡᠭᠦ ᠵᠢᠯᠣᠭᠤᠳᠬᠤ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ᠂ ᠬᠦᠢᠴᠡᠳᠭᠡᠭᠦ ᠡᠩᠨᠡᠭᠡ ᠶᠢ ᠰᠢᠯᠢᠳᠡᠭᠵᠢᠭᠦᠯᠬᠦ᠂

ᠫᠠᠶᠢᠰᠠ ᠰᠡᠭᠦᠳᠡᠷᠯᠡᠬᠦ ᠲᠤᠰᠠᠯᠠᠬᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ᠃

法院2.jpg

    ᠡᠮᠦᠨᠡᠲᠦ ᠬᠤᠰᠢᠭᠤᠨ ᠤ ᠰᠢᠭᠦᠬᠦ ᠬᠤᠷᠢᠶᠠᠨ ᠤ ᠭᠦᠢᠴᠡᠳᠬᠡᠬᠦ ᠲᠣᠪᠴᠢᠶ᠎ᠠ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ

ᠪᠠᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠣᠭᠤᠰᠢᠯᠠᠭᠤᠯᠵᠤ᠂ ᠭᠦᠢᠴᠡᠳᠬᠡᠬᠦ ᠬᠠᠮᠢᠶᠠᠷᠤᠯᠲᠠ ᠶᠢᠨ ᠰᠢᠨ᠎ᠡ ᠵᠠᠭᠪᠤᠷ  ᠤᠨ ᠠᠵᠢᠯᠯᠠᠭᠠᠨ ᠢ ᠤᠯᠠᠮ

ᠨᠢᠭᠡ ᠠᠯᠬᠤᠮ ᠠᠬᠢᠭᠤᠯᠵᠤ᠂ ᠤᠷᠲᠤ ᠬᠤᠭᠤᠴᠠᠭ᠎ᠠ ᠪᠠᠷ ᠳᠠᠭᠤᠰᠬᠠᠭᠠᠳᠤᠢ ᠬᠡᠷᠡᠭ ᠢ ᠪᠦᠬᠦ ᠲᠠᠯ᠎ᠠ ᠪᠠᠷ ᠴᠡᠪᠡᠷᠯᠡᠵᠦ᠂ ᠲᠣᠰ ᠤᠳᠠᠭᠠᠨ ᠤ ᠭᠦᠢᠴᠡᠳᠬᠡᠬᠦ ᠠᠵᠢᠯ ᠤᠨ

ᠬᠢᠨᠠᠨ ᠵᠢᠯᠣᠭᠤᠳᠤᠯᠭ᠎ᠠ ᠪᠠᠷ ᠲᠣᠬᠢᠶᠠᠯ ᠪᠣᠯᠭᠠᠵᠤ᠂ ᠭᠦᠢᠴᠡᠳᠬᠡᠬᠦ ᠠᠵᠢᠯ ᠤᠨ ᠠᠷᠭ᠎ᠠ ᠠᠪᠴᠠᠯ ᠢ ᠰᠢᠯᠢᠳᠡᠭᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ

ᠬᠦᠴᠦᠨ ᠢᠶᠠᠷ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ  ᠬᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ