ᠤᠷᠠᠳ ᠤᠨ ᠡᠮᠦᠨᠡᠲᠦ ᠬᠤᠰᠢᠭᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/2
     8 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠠᠵᠤ ᠦᠢᠯᠡᠳᠪᠦᠷᠢ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠭᠤᠶᠤᠴᠢᠯᠠᠨ ᠮᠡᠳᠡᠭᠦᠯᠬᠦ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠠᠷᠠᠨᠴᠡᠴᠡᠭ᠂ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠠᠵᠤ ᠦᠢᠯᠡᠳᠪᠦᠷᠢ ᠶᠢᠨ ᠬᠦᠷᠢᠶᠡᠯᠡᠩ  ᠤᠨ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠤᠨ ᠪᠡᠯᠡᠳᠬᠡᠯ ᠤᠨ ᠪᠠᠶᠢᠳᠠᠯ ᠢ ᠮᠡᠳᠡᠭᠳᠡᠵᠦ᠂ ᠰᠠᠷᠠᠨᠴᠡᠴᠡᠭ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠮᠢ ᠶᠢᠨ ᠠᠵᠤ  ᠦᠢᠯᠡᠳᠪᠦᠷᠢ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠪᠣᠯ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠤᠨ ᠲᠥᠷᠥᠯ  ᠵᠦᠢᠯ ᠢ ᠬᠤᠶᠢᠰᠢᠳᠠ ᠤᠷᠤᠭᠰᠢᠲᠠᠶ ᠪᠠᠷ ᠣᠷᠣᠨ ᠨᠤᠲᠤᠭ ᠲᠤ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠲᠠᠢ ᠬᠤᠯᠪᠣᠭᠳᠠᠬᠤ ᠴᠢᠬᠤᠯᠠ ᠠᠵᠢᠯ ᠮᠥᠨ᠂ ᠨᠠᠩ ᠴᠤ ᠪᠥᠬᠦ ᠬᠤᠰᠢᠭᠤᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠬᠤᠷᠠᠯ ᠠᠴᠠ᠂ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠨ ᠴᠢᠬᠤᠯᠠ ᠴᠢᠨᠠᠷ ᠪᠠ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢᠨ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠰᠠᠭᠤᠳᠠᠯ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠨᠢᠭᠲᠠ ᠬᠠᠮᠵᠢᠯᠴᠠᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠮᠠᠭᠠᠳᠯᠠᠨ ᠲᠣᠭᠲᠠᠭᠠᠬᠤ ᠱᠠᠭᠠᠷᠳᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠶᠠᠰᠤ ᠶᠢ ᠴᠢᠩᠭ᠎ᠠ ᠵᠢᠷᠤᠮᠯᠠᠨ ᠪᠥᠬᠦ ᠬᠦᠴᠦᠨ ᠢᠶᠠᠷ ᠢᠶᠠᠨ ᠠᠬᠢᠴᠠ ᠶᠢ ᠠᠳᠬᠤᠵᠤ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠵᠣᠯᠭᠠᠯᠳᠤᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠬᠠᠮᠢᠶ᠎ᠠ ᠪᠥᠬᠦᠶ ᠨᠢᠭᠡᠴᠢ ᠶᠢᠨ ᠢᠳᠡᠪᠬᠢ ᠬᠦᠴᠦᠨ ᠵᠦᠢᠯ ᠢ ᠭᠦᠢᠴᠡᠳ ᠠᠰᠢᠭᠯᠠᠵᠤ᠂ ᠴᠠᠭ ᠤᠨ ᠵᠠᠩᠭᠢᠶᠠᠰᠤ ᠶᠣᠰᠣᠭᠠᠷ ᠮᠠᠭᠠᠳᠯᠠᠨ ᠲᠣᠭᠲᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ