8 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ | ᠡᠷᠭᠢᠯᠡᠵᠦ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠬᠤᠷᠢᠳᠤᠭᠠᠷ ᠶᠡᠭᠡ | ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠠᠩᠬᠠᠳᠤᠭᠠᠷ ᠬᠤᠭᠤᠴᠠᠭᠠᠨ ᠤ 《ᠣᠷᠳᠣ ᠴᠠᠭᠠᠨ ᠬᠡᠷᠡᠮ ᠬᠠᠲᠤᠨ ᠭᠤᠤᠯ》 | ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠪᠦᠲᠦᠭᠡᠯ ᠤᠨ ᠤᠷᠢᠯᠭ᠎ᠠ ᠶᠢᠨ ᠦᠵᠡᠰᠬᠦᠯᠡᠩ ᠬᠤᠰᠢᠭᠤᠨ ᠤ ᠰᠣᠶᠣᠯ ᠤᠨ ᠣᠷᠳᠣᠨ ᠳᠤ | ᠶᠠᠪᠤᠭᠳᠠᠵᠤ᠂ ᠬᠤᠲᠠ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠬᠡᠰᠡᠭ | ᠨᠤᠲᠤᠭ ᠤᠨ ᠤᠷᠠᠯᠢᠭᠴᠢᠨ᠂ ᠤᠷᠠᠯᠢᠭ ᠤᠨ ᠪᠠᠭ᠋ᠠᠳᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | ᠲᠣᠰ ᠤᠳᠠᠭᠠᠨ ᠤ ᠦᠵᠡᠰᠬᠦᠯᠡᠩ ᠨᠢ ᠬᠠᠲᠤᠨ ᠭᠤᠤᠯ᠂ ᠣᠷᠳᠣ ᠴᠠᠭᠠᠨ ᠬᠡᠷᠡᠮ ᠢᠶᠠᠷ ᠭᠤᠤᠯ ᠰᠡᠳᠦᠪ ᠪᠣᠯᠭᠠᠭᠰᠠᠨ 100 ᠭᠠᠷᠤᠶ ᠤᠷᠠᠨ ᠪᠢᠴᠢᠯᠭᠡ | ᠤᠷᠠᠨ ᠵᠢᠷᠤᠭ᠂ ᠬᠡᠷᠡᠯ ᠵᠢᠷᠤᠭ ᠤᠨ ᠪᠦᠲᠦᠭᠡᠯ ᠢᠶᠠᠷ ᠳᠡᠮᠵᠢᠨ ᠳᠣᠯᠭᠢᠶᠠᠯᠠᠨ ᠤᠷᠤᠰᠴᠤ ᠪᠠᠶᠢᠭ᠎ᠠ ᠶᠢᠰᠦᠨ ᠲᠣᠬᠤᠶ ᠬᠠᠲᠤᠨ ᠭᠤᠤᠯ ᠂ ᠰᠦᠷ ᠵᠢᠪᠬᠤᠭ᠎ᠠ ᠲᠠᠢ᠂ | ᠭᠦᠨ ᠵᠤᠵᠠᠭᠠᠨ ᠲᠡᠦᠭᠡᠨ ᠠᠭᠤᠯᠠᠬᠤᠨ ᠲᠠᠢ ᠴᠢᠨ ᠤᠯᠤᠰ ᠤᠨ ᠤᠷᠲᠤ ᠴᠠᠭᠠᠨ ᠬᠡᠷᠡᠮ᠂ ᠨᠣᠮᠢᠨ ᠨᠣᠭᠤᠭᠠᠨ ᠲᠠᠯ᠎ᠠ ᠳᠡᠭᠡᠷ᠎ᠡ ᠨᠢ ᠦᠬᠡᠷ ᠬᠤᠨᠢ ᠪᠡᠯᠴᠢᠭᠰᠡᠨ ᠵᠡᠷᠭᠡ | ᠪᠠᠶᠠᠯᠢᠭ ᠰᠠᠶᠢᠬᠠᠨ ᠵᠢᠷᠤᠭ ᠲᠦᠷᠰᠦ ᠶᠢ ᠢᠯᠡᠳᠭᠡᠭᠰᠡᠨ ᠪᠠᠶᠢᠨ᠎ᠠ᠃ ᠤᠷᠠᠯᠢᠭ ᠤᠨ ᠢᠯᠡᠳᠬᠡᠬᠦ ᠬᠡᠯᠪᠡᠷᠢ ᠪᠠᠷ ᠦᠵᠡᠭᠴᠢᠳ ᠢ ᠳᠠᠭᠠᠭᠤᠯᠤᠨ ᠬᠤᠶᠠᠷ ᠮᠢᠩᠭᠠᠨ ᠵᠢᠯ ᠤᠨ | ᠨᠢᠭᠤᠴᠠᠭᠠᠶ ᠲᠡᠦᠬᠡ ᠶᠢᠨ ᠭᠦᠨ ᠳᠤ ᠬᠦᠷᠴᠦ᠂ ᠠᠳᠠᠯᠢ ᠪᠤᠰᠤ ᠲᠠᠯ᠎ᠠ ᠨᠤᠲᠤᠭ ᠤᠨ ᠲᠡᠦᠬᠡ ᠰᠣᠶᠣᠯ ᠢ ᠮᠡᠳᠡᠷᠡᠵᠦ᠂ ᠲᠠᠷᠢᠶᠠᠯᠠᠬᠤ ᠪᠠ ᠨᠡᠭᠦᠳᠡᠯ ᠮᠠᠯᠵᠢᠯ ᠤᠨ | ᠦᠨᠳᠦᠰᠦᠲᠡᠨ ᠤ ᠠᠭᠤᠰᠤᠯᠴᠠᠯ ᠪᠠ ᠦᠷᠢᠰᠦᠯᠳᠦᠭᠡᠨ ᠢ ᠮᠡᠳᠡᠷᠡᠪᠡ᠃ ᠡᠳᠡᠭᠡᠷ ᠬᠡᠶᠢᠰᠪᠦᠷᠢ᠂ ᠡᠰᠡᠬᠦᠯ᠎ᠡ ᠪᠣᠳᠠᠴᠢᠯᠠᠭᠳᠠᠭᠰᠠᠨ᠂ ᠡᠰᠡᠬᠦᠯ᠎ᠡ ᠨᠠᠷᠢᠯᠢᠭ ᠰᠠᠶᠢᠬᠠᠨ ᠢ | ᠢᠯᠡᠳᠭᠡᠭᠰᠡᠨ ᠤᠷᠠᠯᠢᠭ ᠤᠨ ᠪᠦᠲᠦᠭᠡᠯ ᠨᠢ ᠤᠷᠠᠯᠢᠭ ᠤᠨ ᠪᠠᠭ᠋ᠠᠳᠠᠳ ᠤᠨ ᠠᠩᠬᠠᠷᠤᠯ ᠢ ᠲᠠᠲᠠᠵᠠᠶ᠃ | | | | | 《 ᠲᠣᠰ ᠭᠠᠵᠠᠷ ᠤᠨ ᠤᠷᠠᠯᠢᠭᠴᠢᠳ ᠤᠨ ᠤᠷᠠᠨ ᠪᠢᠴᠢᠯᠭᠡ᠂ ᠬᠡᠷᠡᠯ ᠵᠢᠷᠤᠭ ᠤᠨ ᠪᠦᠲᠦᠭᠡᠯ ᠨᠢ ᠴᠥᠮ ᠮᠠᠰᠢ ᠰᠠᠶᠢᠬᠠᠨ ᠪᠠᠶᠢᠵᠤ᠂ ᠪᠢᠳᠡᠨ ᠳᠤ ᠭᠦᠨ | ᠵᠤᠵᠠᠭᠠᠨ ᠤᠷᠠᠯᠢᠭ ᠤᠨ ᠠᠭᠤᠷ ᠠᠮᠢᠰᠬᠤᠯ ᠢ ᠮᠡᠳᠡᠷᠡᠭᠦᠯᠪᠡ 》ᠭᠡᠵᠦ ᠲᠣᠭᠤᠷᠢᠨ ᠦᠵᠡᠭᠴᠢ ᠸᠠᠩ ᠯᠢᠩ ᠬᠡᠯᠡᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠰᠬᠦᠯᠡᠩ ᠤᠨ ᠤᠷᠠᠯᠢᠭ ᠤᠨ ᠪᠦᠲᠦᠭᠡᠯ ᠢ ᠴᠥᠮ ᠨᠤᠲᠤᠭ ᠤᠨ ᠤᠷᠠᠯᠢᠭᠴᠢᠳ ᠪᠠ ᠤᠷᠠᠯᠢᠭ ᠤᠨ ᠪᠠᠭ᠋ᠠᠲᠠᠳ | ᠭᠠᠷᠭᠠᠭᠰᠠᠨ ᠶᠤᠮ᠂ 15 ᠡᠳᠦᠷ ᠤᠨ ᠬᠤᠭᠤᠴᠠᠭ᠎ᠠ ᠲᠠᠢ ᠦᠵᠡᠰᠬᠦᠯᠡᠩ ᠭᠠᠷᠭᠠᠵᠤ᠂ ᠬᠤᠲᠠ ᠶᠢᠨ ᠠᠷᠠᠳ ᠲᠤ ᠦᠨ᠎ᠡ ᠲᠥᠯᠥᠪᠦᠷᠢ ᠥᠬᠡᠶ ᠪᠠᠷ ᠲᠣᠭᠤᠷᠢᠨ | ᠦᠵᠡᠭᠦᠯᠬᠦ ᠪᠣᠯᠤᠨ᠎ᠠ᠃ | | | | |