ᠤᠷᠠᠳ ᠤᠨ ᠡᠮᠦᠨᠡᠲᠦ ᠬᠤᠰᠢᠭᠤᠨ ᠤ ᠬᠢᠨ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠲᠠᠶᠢᠰᠠᠨ ᠤ ᠮᠥᠷᠦ᠋ᠢᠴᠡᠭᠡᠨ︾ ᠤ ᠦᠵᠡᠭᠦᠯᠦᠯᠭᠡ ᠶᠢᠨ ᠬᠠᠮᠲᠤᠷᠠᠭᠰᠠᠨ ᠦᠨᠡᠯᠡᠯᠲᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/22
      8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤ 2022 ᠣᠨ ᠤ ᠪᠥᠬᠦ ᠬᠤᠰᠢᠭᠤᠨ ᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠶᠡᠭᠡ ᠮᠥᠷᠦ᠋ᠢᠴᠡᠭᠡᠨ︾ ᠢ ᠲᠣᠭᠤᠷᠢᠨ ᠦᠵᠡᠬᠦ ᠬᠠᠮᠲᠤᠷᠠᠭᠰᠠᠨ ᠦᠨᠡᠯᠡᠯᠲᠡ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ︽ᠮᠦᠷᠦᠶᠢᠴᠡᠭᠡᠨ︾ ᠢ ᠲᠠᠷᠢᠶᠠᠨ ᠭᠠᠵᠠᠷ ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ  ᠳᠤ ᠲᠠᠯᠪᠢᠪᠠ᠃ ᠨᠢᠭᠡ ᠡᠳᠦᠷ ᠬᠠᠭᠠᠰ ᠤᠨ ᠴᠠᠭ᠂ 400 ᠭᠠᠷᠤᠶ ᠺᠢᠯᠣᠮᠧᠲᠷ ᠠᠶᠠᠯᠠᠵᠤ᠂ 40 ᠭᠠᠷᠤᠶ ᠨᠠᠮ ᠵᠠᠰᠠᠭ ᠤᠨ ᠤᠳᠤᠷᠢᠳᠬᠤ ᠺᠠᠳ᠋ᠷ ᠤᠷᠢᠳ ᠬᠤᠵᠢᠳ 11 ᠰᠤᠮᠤ ᠪᠠᠯᠭᠠᠰᠤᠨ ᠤ 13 ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢᠶᠠᠷ ᠰᠢᠯᠢᠳᠡᠭ᠂ ᠬᠠᠮᠲᠤ ᠶᠢᠨ ᠠᠵᠤ ᠠᠬᠤᠶ ᠶᠢᠨ ᠦᠷ᠎ᠡ ᠠᠰᠢᠭ ᠴᠢᠩᠭ᠎ᠠ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠰᠢᠨ᠎ᠡ᠂ ᠵᠢᠭᠰᠠᠭᠠᠯ ᠤᠨ ᠭᠠᠵᠠᠷ ᠤᠨ  ᠦᠢᠯᠡᠴᠢᠯᠡᠭᠡᠨ ᠤ ᠴᠢᠳᠠᠮᠵᠢ ᠨᠢ ᠰᠠᠶᠢᠨ ᠲᠣᠭᠤᠷᠢᠨ ᠦᠵᠡᠬᠦ ᠴᠡᠭ ᠲᠤ ᠬᠠᠮᠲᠤᠷᠠᠭᠰᠠᠨ ᠦᠨᠡᠯᠡᠯᠲᠡ ᠬᠢᠵᠦ᠂ ︽ᠪᠣᠳᠠᠲᠤ ᠠᠮᠵᠢᠯᠲᠠ ᠶᠢᠨ ᠦᠵᠡᠭᠦᠯᠦᠯᠭᠡ + ᠲᠤᠬᠠᠶ ᠶᠢᠨ ᠲᠠᠯᠠᠪᠠᠢ ᠶᠢᠨ ᠲᠠᠶᠢᠯᠤᠮᠵᠢ︾ ᠶᠢᠨ ᠠᠷᠭ᠎ᠠ ᠮᠠᠶ᠋ᠢᠭ ᠢᠶᠠᠷ ᠳᠠᠮᠵᠢᠨ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ᠂ ᠬᠢᠷᠢ ᠪᠦᠲᠦᠮᠵᠢ ᠪᠠᠨ ᠳᠡᠯᠭᠡᠬᠦ᠂ ᠰᠡᠳᠬᠢᠮᠵᠢ ᠪᠠᠨ ᠠᠳᠠᠯᠢᠳᠬᠠᠬᠤ᠂ ᠵᠥᠷᠢᠶ᠎ᠡ ᠪᠠᠨ ᠡᠷᠢᠬᠦ  ᠪᠠᠷ ᠠᠳᠠᠯᠢᠳᠬᠠᠬᠤ ᠰᠤᠷᠬᠤ ᠭᠦᠢᠴᠡᠬᠦ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ ᠬᠦᠴᠦᠨ ᠢ ᠦᠨᠡᠨ ᠬᠦ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠴᠦᠷᠬᠡᠭᠵᠢᠭᠦᠯᠦᠨ᠂ ᠬᠥᠭᠵᠢᠯᠲᠡ ᠶᠢᠨ ᠬᠠᠮᠤᠭ ᠤᠨ ᠡᠮᠦᠨ᠎ᠡ ᠡᠩᠨᠡᠭᠡᠨ ᠳᠤ ᠣᠷᠤᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ  ᠨᠢᠭᠲᠠᠷᠠᠭᠤᠯᠪᠠ᠃ 

擂台比武1.jpg

      ᠲᠣᠭᠤᠷᠢᠨ ᠦᠵᠡᠬᠦ ᠬᠠᠮᠲᠤᠷᠠᠭᠰᠠᠨ ᠦᠨᠡᠯᠡᠯᠲᠡ ᠶᠢᠨ ᠳᠤᠭᠤᠶᠢᠯᠠᠩ ᠵᠠᠮ ᠲᠤᠵᠢ ᠶᠠᠪᠤᠵᠤ᠂ ᠵᠠᠮ ᠲᠤᠵᠢ ᠰᠣᠨᠣᠰᠴᠤ᠂  ᠵᠠᠮ ᠲᠤᠵᠢ ᠦᠵᠡᠵᠦ᠂ ᠠᠵᠢᠯ ᠤᠨ

ᠬᠠᠷᠠᠯᠲᠠ ᠪᠠ ᠰᠡᠳᠬᠢᠴᠡ ᠪᠠᠨ ᠲᠣᠲᠤᠷᠬᠠᠶᠢᠯᠠᠨ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠠᠳᠠᠯᠢ ᠪᠤᠰᠤ ᠥᠪᠡᠷᠮᠢᠴᠡ ᠣᠨᠴᠠᠯᠢᠭ ᠲᠠᠢ ᠬᠢᠯᠠᠰ ᠴᠡᠭ ᠪᠣᠯᠤᠨ

ᠲᠤᠭ᠎ᠠ ᠪᠠᠷᠢᠮᠲᠠ᠂ ᠬᠡᠷᠡᠭ ᠤᠨ ᠵᠢᠱᠢᠶ᠎ᠡ ᠢᠶᠠᠷ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠶᠢᠳᠠ

ᠰᠠᠶᠢᠬᠠᠨ ︽ᠬᠠᠷᠢᠭᠤᠯᠲᠠ ᠶᠢᠨ ᠬᠠᠭᠤᠳᠠᠰᠤ︾ ᠶᠢ ᠢᠯᠡᠷᠡᠭᠦᠯᠪᠡ᠃

擂台比武2.jpg

     ᠴᠠᠭ ᠦᠶ᠎ᠡ ᠪᠣᠯ ᠲᠡᠮᠡᠴᠡᠭᠴᠢ ᠤᠨ ᠬᠢ᠂ ᠠᠮᠵᠢᠯᠲᠠ ᠪᠣᠯ  ᠴᠢᠷᠮᠠᠶᠢᠭᠴᠢ ᠤᠨ ᠬᠢ ᠃ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠱᠦᠵᠢ

ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠣᠰ ᠤᠳᠠᠭᠠᠨ ᠤ ᠬᠠᠮᠲᠤᠷᠠᠭᠰᠠᠨ

ᠦᠨᠡᠯᠡᠯᠲᠡ ᠪᠠᠷ ᠬᠥᠳᠡᠯᠭᠡᠬᠦ ᠬᠦᠴᠦᠨ ᠪᠣᠯᠭᠠᠵᠤ᠂ ᠵᠣᠷᠢᠭᠲᠠᠶ ᠪᠠᠷ ᠲᠡᠮᠡᠦᠯᠡᠬᠦ ᠣᠮᠤᠭ ᠵᠣᠷᠢᠭ᠂ ᠬᠦᠴᠢᠷ ᠪᠡᠷᠬᠡ ᠶᠢ ᠳᠤᠭᠤᠯᠤᠨ ᠳᠠᠪᠠᠭ᠋ᠤ  ᠪᠠᠲᠤ ᠵᠣᠷᠢᠭ᠂

ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠢᠲᠡᠭᠡᠯ ᠢᠶᠠᠷ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠠᠬᠢᠭᠤᠯᠬᠤ ᠪᠠᠨ ᠲᠠᠰᠤᠷᠠᠯᠲᠠ ᠥᠬᠡᠶ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠬᠳᠤ ᠳᠠᠪᠠᠭᠤᠯᠢᠭ ᠠᠵᠤ  ᠦᠢᠯᠡᠰ ᠢ

ᠣᠨᠣᠴᠠᠲᠠᠶ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠤᠰᠢᠭᠤ᠂ ᠪᠥᠬᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ

ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ ᠭᠡᠵᠡᠭᠡᠪᠡ ᠃

      ᠲᠣᠭᠤᠷᠢᠨ ᠦᠵᠡᠭᠰᠡᠨ ᠤ ᠳᠠᠷᠠᠭ᠎ᠠ᠂ ᠬᠤᠰᠢᠭᠤᠨ ᠤ ᠤᠳᠤᠷᠢᠳᠤᠯᠭ᠎ᠠ᠂ ᠬᠤᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠤᠷ ᠲᠤ ᠡᠯ᠎ᠡ ᠰᠤᠮᠤ ᠪᠠᠯᠭᠠᠰᠤᠨ ᠤ

ᠦᠨᠡᠯᠡᠯᠲᠡ ᠶᠢᠨ ᠬᠤᠪᠢ ᠣᠯᠤᠭᠰᠠᠨ ᠬᠦᠰᠦᠨᠦᠭᠲᠦ ᠶᠢ ᠲᠠᠭᠯᠠᠪᠠ᠃

擂台比武3.jpg

 

擂台比武4.jpg

 

擂台比武5.jpg

 

擂台比武6.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ