ᠸᠠᠩ ᠵᠢᠶᠦ᠋ᠨ ᠵᠢᠶᠧ 2022 ᠣᠨ ᠤ ᠵᠢᠷᠭᠤᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/22
       8 ᠰᠠᠷ᠎ᠠ ᠶᠢᠨ 17 ᠤ ᠡᠳᠦᠷ᠂ ᠤᠷᠠᠳ ᠤᠨ ᠡᠮᠦᠨᠡᠲᠦ ᠬᠤᠰᠢᠭᠤ ᠵᠢᠷᠭᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 7 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠱᠦᠵᠢ ᠰᠦᠨ ᠱᠤᠤ ᠴᠧᠩ ᠤᠨ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠣᠷᠣᠨ ᠤ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠷᠠᠯ ᠢ ᠡᠷᠭᠢᠯᠡᠪᠡ᠃ 

常务会1.jpg

       ᠸᠠᠩ ᠵᠢᠶᠦ᠋ᠨ ᠵᠢᠶᠧ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦ ᠶᠤᠸᠠᠢ ᠮᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠳᠡᠳ᠋ ᠡᠷᠬᠢᠯᠡᠭᠴᠢ ᠠᠯᠲᠠᠨᠪᠠᠭᠠᠨ᠎ᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠤᠸᠠᠢ ᠶᠢᠩ ᠵᠢᠴᠢ ᠬᠤᠰᠢᠭᠤᠨ ᠤ ᠬᠢᠨᠠᠨ ᠪᠤᠳᠤᠬᠤ ᠲᠣᠪᠴᠢᠶ᠎ᠠ

᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ

ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃

      ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ

ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ

ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ

ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ

ᠨᠠᠶᠢᠳᠠᠪᠤᠷᠢᠵᠢᠭᠤᠯᠵᠤ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠬᠤ ᠬᠡᠷᠡᠭᠲᠡᠢ᠂ ᠰᠤᠯᠠᠷᠠᠭᠤᠯᠵᠤ ᠤᠬᠳᠤ ᠪᠣᠯᠬᠤ ᠦᠭᠡᠢ  ᠪᠦᠭᠡᠳ ᠬᠦᠴᠢᠷ ᠪᠡᠷᠬᠡᠰᠢᠶᠡᠯ ᠪᠠ

ᠥᠷᠢᠰᠥᠯᠳᠦᠭᠡᠨ ᠳᠤ ᠵᠥᠪ ᠢᠶᠠᠷ ᠬᠠᠨᠳᠤᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ

ᠴᠢᠩᠭᠠᠳᠬᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ

ᠰᠠᠶᠢᠲᠤᠷ ᠪᠡᠶᠡᠯᠡᠭᠦᠯᠦᠨ᠎ᠡ ᠭᠡᠪᠡ᠃ 

常务会2.jpg

      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠨᠥᠬᠦᠷ ᠡᠯ᠎ᠡ ᠭᠠᠵᠠᠷ ᠲᠤ ᠰᠢᠨᠵᠢᠯᠡᠨ

ᠪᠠᠶᠢᠴᠠᠭᠠᠬᠤ ᠳᠠᠭᠠᠨ ᠺᠠᠳ᠋ᠷ ᠤᠨ ᠴᠤᠭ ᠰᠦᠯᠳᠡ ᠶᠢ ᠪᠠᠳᠠᠷᠠᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂

ᠥᠪᠥᠷ ᠮᠣᠩᠭᠤᠯ ᠤᠨ ᠺᠠᠳ᠋ᠷ ᠤᠨ ᠡᠩᠨᠡᠭᠡ ᠶᠢᠨ ᠵᠥᠪ ᠲᠠᠯ᠎ᠠ ᠶᠢᠨ ᠲᠦᠷᠢ ᠲᠥᠷᠬᠦ ᠶᠢ ᠱᠤᠭᠤᠬᠤ ᠬᠡᠷᠡᠭᠲᠡᠢ ᠭᠡᠵᠦ ᠤᠯᠠᠨ ᠤᠳᠠᠭ᠎ᠠ ᠳᠤᠷᠠᠳᠴᠠᠢ᠃ ᠪᠦᠬᠦ

ᠬᠤᠰᠢᠭᠤ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ  ᠤᠨ ᠵᠢᠭᠠᠪᠤᠷᠢ ᠶᠢᠨ ᠱᠠᠭᠠᠷᠳᠠᠯᠭ᠎ᠠ ᠶᠢ ᠣᠨᠣᠪᠴᠢᠲᠠᠢ

ᠡᠵᠡᠮᠳᠡᠵᠦ᠂ ᠭᠦᠨᠵᠡᠭᠡᠢ ᠰᠡᠳᠬᠢᠨ ᠪᠣᠳᠣᠯᠬᠢᠯᠠᠵᠤ᠂ ᠰᠡᠳᠬᠢᠯ ᠲᠠᠯᠪᠢᠨ ᠤᠢᠢᠯᠠᠭᠠᠨ ᠡᠵᠡᠮᠰᠢᠵᠦ᠂ ᠪᠣᠳᠠᠲᠠᠢ ᠠᠵᠢᠯ ᠬᠢᠬᠦ ᠶᠢ ᠲᠡᠷᠢᠭᠦᠨ ᠳᠤ ᠲᠠᠯᠪᠢᠵᠤ᠂ ᠡᠯ᠎ᠡ

ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ

ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠦᠢᠯ ᠪᠦᠬᠦᠨ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ

ᠪᠠᠲᠤᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ

ᠰᠢᠢᠳᠪᠦᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠴᠢᠳᠠᠪᠤᠷᠢ ᠶᠢ ᠴᠢᠷᠮᠠᠶᠢᠨ ᠡᠵᠡᠮᠰᠢᠬᠦ ᠬᠡᠷᠡᠭᠲᠡᠢ᠃

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠠᠳᠬᠤᠵᠤ᠂ ᠳᠡᠭᠡᠳᠦ ᠱᠠᠲᠤᠨ ᠤ ᠨᠡᠶᠢᠲᠡᠯᠡᠭᠰᠡᠨ ᠬᠠᠮᠢᠶ᠎ᠠ ᠪᠥᠬᠦᠶ ᠲᠥᠷᠥ ᠶᠢᠨ

ᠪᠣᠳᠣᠯᠭ᠎ᠠ ᠶᠢ ᠦᠨᠡᠨ ᠪᠣᠳᠠᠲᠠᠶ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠰᠠᠶᠢᠲᠤᠷ ᠪᠥᠲᠥᠭᠡᠨ ᠪᠠᠶᠢᠭᠤᠯᠵᠤ ᠰᠠᠶᠢᠲᠤᠷ ᠬᠥᠭᠵᠢᠭᠦᠯᠬᠦ ᠬᠡᠷᠡᠭᠲᠡᠶ᠃

ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠴᠢᠩᠭ᠎ᠠ ᠬᠠᠮᠢᠶᠠᠷᠬᠤ ᠮᠥᠷᠲᠡᠭᠡᠨ ᠭᠦᠨ

ᠵᠤᠵᠠᠭᠠᠨ ᠬᠠᠶᠢᠷ᠎ᠠ ᠬᠠᠯᠠᠮᠵᠢ ᠲᠠᠢ ᠪᠠᠶᠢᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ᠂ ᠪᠣᠳᠠᠲᠠᠢ ᠶᠢ ᠡᠷᠬᠢᠮᠯᠡᠬᠦ ᠦᠭᠡᠢ

ᠨᠠᠶᠢᠳᠠᠪᠤᠷᠢᠵᠢᠭᠤᠯᠬᠤ ᠦᠭᠡᠢ ᠺᠠᠳ᠋ᠷ ᠲᠤ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠦ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠶᠢ ᠨᠢ ᠰᠢᠨᠵᠢᠯᠡᠬᠦ

ᠤᠬᠠᠭᠠᠨᠴᠢ ᠪᠠᠷ ᠣᠨᠣᠪᠴᠢᠲᠠᠢ ᠪᠠᠷ ᠬᠠᠷᠢᠭᠤᠴᠠᠯᠭ᠎ᠠ ᠨᠡᠬᠡᠮᠵᠢᠯᠡᠵᠦ᠂ ᠺᠠᠳ᠋ᠷ ᠤᠨ ᠨᠡᠷ᠎ᠡ ᠲᠦᠷᠦ ᠶᠢ ᠲᠣᠳᠣᠷᠬᠠᠶᠢᠯᠠᠬᠤ ᠶᠣᠰᠣᠲᠠᠢ ᠳᠤ ᠲᠤᠭ ᠲᠡᠮᠳᠡᠭ ᠲᠣᠳᠣᠷᠬᠠᠢ ᠪᠠᠷ

ᠥᠮᠥᠭ ᠲᠦᠰᠢᠭ ᠪᠤᠯᠵᠤ᠂ ᠲᠥᠪ ᠰᠤᠷᠲᠠᠯ ᠢ ᠪᠠᠳᠠᠷᠠᠭᠤᠯᠬᠤ ᠶᠢᠨ ᠬᠠᠮᠲᠤ ᠺᠠᠳ᠋ᠷ ᠤᠨ ᠪᠠᠶᠢᠪᠠᠰᠤ ᠵᠣᠬᠢᠬᠤ ᠣᠯᠭᠤᠮᠵᠢ ᠶᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ

᠂ ᠦᠨᠳᠦᠰᠦᠨ ᠱᠠᠲᠤᠨ ᠤ ᠺᠠᠳ᠋ᠷ ᠤᠨ ᠪᠠᠲᠤᠯᠠᠭ᠎ᠠ ᠶᠢᠨ ᠲᠦᠪᠰᠢᠨ ᠢ ᠨᠠᠷᠢᠨ ᠬᠢᠨᠠᠮᠠᠭᠠᠢ ᠰᠤᠳᠤᠯᠤᠨ ᠳᠡᠭᠡᠭᠰᠢᠯᠡᠭᠦᠯᠵᠦ᠂ ᠲᠡᠳᠡᠨ ᠳᠤ ᠨᠡᠩ ᠰᠠᠶᠢᠨ ᠠᠵᠢᠯ

ᠠᠮᠢᠳᠤᠷᠠᠯ ᠤᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠲᠣᠷᠠᠳᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ