ᠤᠷᠠᠳ ᠤᠨ ᠡᠮᠦᠨᠡᠲᠦ ᠬᠤᠰᠢᠭᠤ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠣᠵᠣ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2022/8/22
      8 ᠰᠠᠷ᠎ᠠ ᠶᠢᠨ 18 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠱᠦᠵᠢ ᠶᠢᠨ ᠬᠤᠷᠠᠯ ᠢ ᠡᠷᠬᠢᠯᠡᠨ ᠬᠤᠷᠠᠯᠳᠤᠵᠤ᠂ ᠲᠤᠰᠬᠠᠶ ᠰᠡᠳᠦᠪ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠤᠶᠤᠨ᠎ᠠ ᠬᠤᠷᠠᠯ ᠳᠤ ᠣᠷᠣᠯᠴᠠᠪᠠ᠃

书记专题会1.jpg

     ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠠᠴᠠ

ᠲᠣᠮᠢᠯᠠᠭᠰᠠᠨ 4 ᠴᠠᠭᠳᠠᠨ ᠪᠠᠶᠢᠴᠠᠭᠠᠬᠤ ᠳᠤᠭᠤᠶᠢᠯᠠᠩ ᠨᠢ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ

ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ 11 ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ

ᠥᠷᠨᠢᠭᠦᠯᠵᠦ᠂ ᠪᠠᠷᠠᠭᠤᠨ ᠪᠠᠭ᠎ᠠ ᠵᠣᠣ ᠪᠠᠯᠭᠠᠰᠤ ᠪᠠ ᠰᠤᠳᠠᠯ ᠤᠨ ᠬᠤᠳᠳᠤᠭ ᠪᠠᠯᠭᠠᠰᠤᠨ ᠤ ᠬᠠᠷᠢᠶᠠᠨ ᠳᠠᠬᠢ 15 ᠭᠠᠴᠠᠭ᠎ᠠ ᠲᠣᠰᠬᠤᠨ ᠤ ᠨᠠᠮ ᠤᠨ ᠵᠣᠬᠢᠶᠠᠨ

ᠪᠠᠶᠢᠭᠤᠯᠤᠯᠲᠠ᠂ ᠪᠠᠶᠠᠨᠬᠤᠸᠠ ᠪᠠᠯᠭᠠᠰᠤᠨ ᠤ ᠣᠶ ᠰᠢᠭᠤᠶ ᠡᠪᠡᠰᠦ ᠪᠡᠯᠴᠢᠭᠡᠷ ᠵᠡᠷᠭᠡ ᠠᠰᠠᠭᠤᠳᠠᠯ ᠳᠤ ᠬᠤᠯᠪᠣᠭᠳᠠᠭᠰᠠᠨ 10 ᠭᠠᠴᠠᠭ᠎ᠠ ᠲᠣᠰᠬᠤᠨ ᠳᠤ ᠴᠠᠭᠳᠠᠨ

ᠪᠠᠶᠢᠴᠠᠭᠠᠯᠲᠠ ᠬᠢᠵᠦ᠂ ᠪᠠᠷᠠᠭᠤᠨ ᠪᠠᠭ᠎ᠠ ᠵᠣᠣ ᠪᠠᠯᠭᠠᠰᠤᠨ ᠤ ᠬᠥᠩ ᠲᠢᠶᠠᠨ ᠲᠣᠰᠬᠤᠨ ᠤ ᠨᠠᠮ ᠤᠨ ᠬᠤᠷᠢᠶ᠎ᠠ ᠳᠤ ︽ᠰᠢᠭᠤᠳ ᠴᠠᠭᠳᠠᠨ ᠪᠠᠶᠢᠴᠠᠭᠠᠬᠤ︾ 

ᠬᠡᠯᠪᠡᠷᠢ ᠪᠠᠷ ᠴᠠᠭᠳᠠᠨ ᠪᠠᠶᠢᠴᠠᠭᠠᠯᠲᠠ ᠬᠢᠪᠠ᠃

书记专题会2.jpg

     ᠱᠦᠵᠢ ᠶᠢᠨ ᠲᠤᠰᠬᠠᠶ ᠰᠡᠳᠦᠪᠲᠦ ᠬᠤᠷᠠᠯ ᠨᠢ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ

ᠲᠣᠭᠤᠷᠢᠨ ᠪᠠᠶᠢᠴᠠᠭᠠᠬᠤ ᠠᠵᠢᠯ ᠢ ᠬᠦᠢᠴᠡᠳ ᠨᠤᠲᠠᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ

ᠪᠠᠶᠢᠳᠠᠯ ᠤᠨ ᠠᠰᠢᠭ ᠥᠬᠡᠶ ᠬᠦᠴᠦᠨ ᠵᠦᠢᠯ ᠤᠨ ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠢᠯᠡᠨ ᠳᠠᠪᠠᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢᠨ

ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠣᠨᠣᠪᠴᠢᠲᠠᠶ ᠢᠯᠡᠷᠡᠭᠦᠯᠵᠦ᠂

ᠠᠰᠠᠭᠤᠳᠠᠯ ᠢ ᠲᠣᠳᠣᠷᠬᠠᠶ ᠮᠡᠳᠡᠭᠦᠯᠵᠦ᠂ ᠰᠦᠪᠡᠭᠴᠢ ᠶᠢ ᠪᠤᠰᠤᠳᠴᠢ ᠪᠠᠷ ᠰᠢᠯᠵᠢᠭᠦᠯᠦᠨ ᠲᠤᠰᠢᠶᠠᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠠᠶ ᠭᠡᠵᠦ

ᠦᠵᠡᠪᠡ᠃ ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠰᠣᠶᠣᠯᠲᠤ ᠭᠤᠤᠯᠳᠠᠯᠭ᠎ᠠ ᠲᠠᠢ ᠬᠥᠮᠦᠨ᠂ ᠭᠤᠤᠯᠳᠠᠯᠭ᠎ᠠ ᠲᠠᠢ ᠬᠡᠷᠡᠭ ᠲᠤ ᠪᠣᠳᠠᠲᠠᠶ

ᠰᠢᠢᠳᠪᠦᠷᠢᠯᠡᠬᠦ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃

书记专题会3.jpg

     ᠰᠣᠶᠣᠯᠲᠤ ᠴᠢᠬᠤᠯᠠᠴᠢᠯᠠᠭᠰᠠᠨ ᠨᠢ᠂ ᠨᠢᠭᠡ ᠳᠤ᠂ ᠵᠠᠩᠭᠢᠯᠠᠭ᠎ᠠ ᠶᠢᠨ ᠠᠰᠠᠭᠤᠳᠠᠯ ᠢ ᠳᠣᠪᠤᠶᠢᠯᠭᠠᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠶᠢ

ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠢ ᠵᠠᠰᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ︽ᠪᠠᠯᠠ

ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ᠂ ᠺᠠᠳ᠋ᠷ ᠤᠨ ᠰᠤᠷᠲᠠᠯ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠰᠤᠯᠠᠷᠠᠭᠰᠠᠨ᠂ ᠬᠡᠶᠢᠰᠪᠦᠷᠢᠵᠢᠭᠰᠡᠨ᠂ ᠵᠠᠬ᠎ᠠ ᠬᠥᠪᠡᠭᠡᠳᠡᠭᠰᠡᠨ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠠᠬᠢᠭᠤᠯᠤᠨ 

ᠰᠢᠢᠳᠪᠦᠷᠢᠯᠡᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠠᠬᠢᠭᠤᠯᠤᠨ 

ᠰᠢᠢᠳᠪᠦᠷᠢᠯᠡᠵᠦ᠂ ᠨᠠᠮ ᠤᠨ ᠲᠥᠪ ᠬᠤᠷᠢᠶᠠᠨ ᠤ ᠶᠡᠭᠡ ᠪᠣᠳᠣᠯᠭ᠎ᠠ ᠴᠢᠭᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠨᠠᠮ ᠤᠨ ᠬᠤᠷᠢᠶᠠᠨ ᠤ

ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ᠂

ᠭᠤᠣᠯᠳᠠᠯᠭ᠎ᠠ ᠲᠠᠢ ᠭᠤᠭᠴᠤᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠤ ᠳᠠᠷᠠᠭ᠎ᠠ᠂ ᠬᠤᠰᠢᠭᠤᠨ ᠤ ᠰᠠᠬᠢᠯᠭ᠎ᠠ

ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠤᠷᠢᠳ ᠢᠶᠠᠷ ᠪᠠᠶᠢᠴᠠᠭᠠᠨ

ᠰᠢᠢᠳᠪᠦᠷᠢᠯᠡᠵᠦ᠂ ᠰᠢᠢᠳᠪᠦᠷᠢᠯᠡᠬᠦ ᠠᠬᠢᠴᠠ ᠶᠢ ᠲᠦᠷᠭᠡᠳᠬᠡᠵᠦ᠂ ᠰᠦᠷᠳᠡᠭᠦᠯᠬᠦ  ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ᠃

ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠵᠢᠴᠢ ᠪᠤᠰᠤᠳ ᠬᠤᠯᠪᠣᠭᠳᠠᠯ ᠪᠥᠬᠦᠶ ᠨᠢᠭᠡᠴᠡ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠲᠦᠭᠡᠮᠡᠯ

ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ

ᠴᠢᠩᠭᠠᠳᠬᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠣᠭᠤᠷᠢᠨ

ᠪᠠᠶᠢᠴᠠᠭᠠᠬᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠵᠠᠰᠠᠬᠤ ᠶᠢ ᠠᠬᠢᠭᠤᠯᠵᠤ᠂ ᠠᠰᠠᠭᠤᠳᠠᠯ ᠢ ᠦᠨᠡᠨ ᠬᠦ

ᠪᠣᠳᠠᠲᠠᠶ ᠴᠡᠭᠴᠡᠯᠡᠨ ᠰᠠᠶᠢᠵᠢᠷᠠᠭᠤᠯᠵᠤ᠂ ᠶᠣᠰᠣ ᠲᠦᠷᠢᠮ ᠢ ᠲᠣᠭᠲᠠᠭᠠᠵᠤ᠂ ᠠᠵᠢᠯ ᠢ ᠠᠳᠬᠤᠬᠤ ᠬᠡᠷᠡᠭᠲᠡᠶ᠃ ᠭᠤᠷᠪᠠ ᠳᠤ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠵᠣᠬᠢᠶᠠᠨ ᠪᠠᠶᠢᠭᠤᠯᠬᠤ

ᠰᠠᠯᠠᠭ᠎ᠠ ᠮᠥᠴᠢᠷ ᠨᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠴᠢᠩᠭᠠᠳᠬᠠᠬᠤ ᠴᠢᠬᠤᠯᠠ

ᠭᠠᠷᠳᠠᠴᠠ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠬᠢᠨᠠᠯᠲᠠ ᠲᠠᠯᠪᠢᠬᠤ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ

ᠠᠬᠢᠴᠠ ᠶᠢᠨ ᠪᠠᠶᠢᠳᠠᠯ ᠢ ᠡᠵᠡᠮᠰᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠥᠬᠡᠶ ᠪᠤᠶᠤ ᠵᠥᠪ 

ᠬᠦᠢᠴᠡᠳᠭᠡᠭᠦ ᠥᠬᠡᠶ᠂ ᠠᠯᠪᠠ ᠬᠠᠰᠢᠵᠤ ᠠᠮᠠ ᠪᠥᠭᠯᠡᠭᠰᠡᠨ ᠪᠠᠶᠢᠪᠠᠯ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠵᠤ᠂ ᠴᠡᠭᠴᠡᠯᠡᠨ

ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢᠭᠡᠳᠦᠯᠲᠡᠢ ᠲᠥᠯᠥᠪᠵᠢᠭᠦᠯᠦᠨ

ᠵᠣᠬᠢᠴᠠᠭᠤᠯᠬᠤ᠂ ᠮᠥᠷᠳᠡᠨ ᠱᠠᠯᠠᠪᠳᠠᠭᠤᠯᠬᠤ᠂ ᠬᠤᠷᠢᠶᠠᠩᠭᠤᠶᠢᠯᠠᠨ ᠵᠠᠳᠠᠯᠬᠤ ᠦᠢᠯᠡᠳᠦᠯ ᠢᠶᠠᠨ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠪᠠᠶᠢᠭᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠣᠯᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠡᠳ᠋ ᠤᠨ ᠵᠠᠰᠠᠭ᠂ ᠬᠢᠨᠠᠨ ᠪᠤᠳᠤᠬᠤ᠂ ᠵᠠᠬᠢᠳᠠᠯ

ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠬᠦᠯᠵᠤ᠂ ᠲᠣᠭᠤᠷᠢᠨ ᠪᠠᠶᠢᠴᠠᠭᠠᠵᠤ ᠴᠡᠭᠴᠡᠯᠡᠨ

ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠴᠢᠩᠭᠠᠳᠬᠠᠬᠤ ᠬᠡᠷᠡᠭᠲᠡᠢ᠃ ᠲᠦᠷᠪᠡ ᠳᠤ᠂ ᠨᠢᠭᠡᠳᠦᠯᠲᠡᠢ ᠲᠥᠯᠥᠪᠯᠡᠨ ᠰᠠᠶᠢᠲᠤᠷ ᠲᠤᠬᠢᠷᠠᠭᠤᠯᠬᠤ

ᠬᠡᠷᠡᠭᠲᠡᠢ᠃ ᠲᠠᠷᠠᠭᠠᠴᠢ ᠶᠢᠨ ᠡᠭᠡᠯᠵᠢ ᠶᠢᠨ ᠲᠣᠭᠤᠷᠢᠨ ᠴᠠᠭᠳᠠᠬᠤ ᠲᠣᠬᠢᠷᠠᠭᠤᠯᠤᠯᠲᠠ ᠶᠢᠨ ᠲᠠᠯ᠎ᠠ ᠪᠠᠷ᠂ ᠭᠤᠤᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠢ

ᠳᠣᠪᠤᠶᠢᠯᠭᠠᠨ᠂ ᠠᠷᠠᠳ ᠤᠨ ᠠᠮᠢᠳᠤᠷᠠᠯ ᠤᠨ ᠬᠦᠷᠢᠶ᠎ᠡ ᠶᠢ ᠠᠩᠬᠠᠷᠴᠤ᠂ ᠲᠣᠭᠤᠷᠢᠨ ᠴᠠᠭᠳᠠᠬᠤ ᠳᠤᠭᠤᠶᠢᠯᠠᠩ ᠤᠨ ᠳᠠᠷᠤᠭ᠎ᠠ ᠶᠢ ᠰᠠᠶᠢᠲᠤᠷ ᠰᠣᠩᠭᠤᠨ᠂ ᠲᠣᠭᠤᠷᠢᠨ

ᠴᠠᠭᠳᠠᠬᠤ ᠡᠩᠨᠡᠭᠡ ᠶᠢ ᠴᠢᠩᠭ᠎ᠠ ᠲᠣᠬᠢᠷᠠᠭᠤᠯᠵᠤ᠂ ᠵᠣᠬᠢᠶᠠᠨ ᠪᠠᠶᠢᠭᠤᠯᠬᠤ ᠬᠡᠯᠲᠡᠰ ᠤᠨ ᠬᠢᠨ ᠲᠣᠭᠤᠷᠢᠨ ᠴᠠᠭᠳᠠᠬᠤ ᠺᠠᠳ᠋ᠷ ᠢ ᠲᠡᠳᠡᠨ ᠰᠢᠯᠵᠢᠭᠦᠯᠬᠦ ᠠᠵᠢᠯ ᠢ ᠪᠥᠬᠦ

ᠬᠦᠴᠦᠨ ᠢᠶᠠᠷ ᠢᠶᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠰᠢᠨ᠎ᠡ ᠪᠠᠷ ᠳᠡᠪᠰᠢᠭᠦᠯᠦᠭᠰᠡᠨ ᠵᠠᠯᠠᠭᠤ ᠺᠠᠳ᠋ᠷ ᠤᠨ ᠨᠠᠭᠠᠳᠤ ᠵᠠᠬ᠎ᠠ ᠳᠠᠭᠠᠨ ᠨᠢᠭᠡ ᠡᠭᠡᠯᠵᠢ ᠶᠢᠨ

ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠬᠤ ᠲᠦᠷᠢᠮ ᠢ ᠲᠣᠭᠲᠠᠪᠤᠷᠢᠵᠢᠭᠤᠯᠵᠤ᠂ ᠰᠢᠯᠢᠳᠡᠭ ᠺᠠᠳ᠋ᠷ ᠢ ᠲᠣᠭᠤᠷᠢᠨ ᠪᠠᠶᠢᠴᠠᠭᠠᠬᠤ ᠪᠠᠶᠢᠭᠤᠯᠤᠮᠵᠢ ᠳᠤ ᠲᠤᠰᠢᠶᠠᠯ

ᠡᠭᠦᠷᠭᠡᠯᠡᠭᠦᠯᠦᠨ ᠪᠣᠯᠪᠠᠰᠤᠷᠠᠭᠤᠯᠬᠤ ᠠᠷᠭ᠎ᠠ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ

ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ  ᠭᠡᠵᠡᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ