ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 32 ᠳ᠋ᠤᠭᠠᠷ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/8/22
      8 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 32 ᠳ᠋ᠤᠭᠠᠷ ᠬᠤᠷᠠᠯ ᠢ ᠡᠷᠬᠢᠯᠡᠨ  ᠬᠤᠷᠠᠯᠳᠣᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤᠨ ᠤ ᠤᠳᠤᠷᠢᠳᠤᠯᠭ᠎ᠠ ᠶᠢᠨ ᠱᠠᠨ᠂ ᠵᠢᠶᠠᠨ ᠶᠦᠩ ᠴᠢᠩ᠂  ᠰᠦ᠋ ᠴᠠᠩ᠂ ᠹᠠᠨ ᠵᠢᠶᠦ᠋ᠨ ᠬᠤᠢ᠂ ᠼᠤᠤ ᠳ᠋ᠦᠩ ᠬᠤᠷᠠᠯ ᠳᠤ ᠰᠤᠯᠠ ᠣᠷᠣᠯᠴᠠᠪᠠ᠃

旗委32次常委会1.jpg

      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 7 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠣᠯᠤᠨ ᠰᠦᠨ

ᠱᠤᠤ ᠴᠧᠩ ᠱᠦᠵᠢ ᠶᠢᠨ ᠲᠤᠰᠬᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠠᠶᠢᠮᠠᠭ ᠬᠤᠲᠠ ᠳᠤ ᠰᠢᠨᠵᠢᠯᠡᠨ ᠪᠠᠶᠢᠴᠠᠭᠠᠪᠠ᠃

     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ

᠂ ᠬᠠᠮᠢᠶᠠᠷᠬᠤ ᠶᠣᠰᠣᠲᠠᠢ ᠶᠢ ᠨᠢ ᠵᠠᠪᠠᠯ ᠬᠠᠮᠢᠶᠠᠷᠴᠤ᠂ ᠪᠠᠲᠤᠯᠠᠬᠤ ᠶᠣᠰᠣᠲᠠᠢ ᠶᠢ ᠨᠢ ᠵᠠᠪᠠᠯ ᠪᠠᠲᠤᠯᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ

ᠪᠦᠬᠦ ᠬᠦᠴᠦ ᠪᠠᠷ ᠢᠶᠠᠨ ᠪᠠᠬᠢᠵᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠬᠡᠪᠡ᠃ ᠣᠳᠣᠬᠠᠨ ᠤ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠰᠡᠷᠭᠡᠶᠢᠯᠡᠨ ᠡᠵᠡᠮᠳᠡᠬᠦ ᠠᠵᠢᠯ ᠢ

ᠪᠣᠳᠠᠲᠠᠢ ᠠᠴᠠ  ᠨᠠᠷᠢᠯᠢᠭ ᠰᠠᠶᠢᠲᠤᠷ ᠬᠢᠬᠦ ᠬᠡᠷᠡᠭᠲᠡᠢ᠂ ᠶᠠᠭᠠᠬᠢᠭᠰᠠᠨ ᠴᠤ ᠠᠯᠮᠠᠶᠢᠷᠠᠨ ᠴᠠᠯᠠᠭᠠᠶᠢᠷᠠᠵᠤ ᠪᠣᠯᠬᠤ ᠦᠭᠡᠢ᠃ ᠪᠠᠷᠢᠯᠭ᠎ᠠ ᠶᠢᠨ ᠰᠢᠵᠢᠷ ᠠᠯᠳᠠᠨ ᠴᠠᠭ ᠢ

ᠠᠮᠵᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠲᠣᠭᠲᠠᠭᠤᠨ ᠡᠷᠭᠢᠯᠲᠡ ᠶᠢ

ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ᠂ ᠢᠯᠠᠩᠭᠤᠶ᠎ᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠰᠠᠬᠢᠵᠤ᠂

ᠡᠯ᠎ᠡ ᠪᠠᠶᠢᠩᠭᠤ ᠶᠢᠨ ᠭᠡᠰᠢᠭᠦᠳ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ  ᠬᠦᠢᠴᠡᠳᠭᠡᠵᠦ᠂ ᠡᠯ᠎ᠡ ᠰᠤᠮᠤ ᠪᠠᠯᠭᠠᠰᠤ᠂ ᠲᠠᠷᠢᠶᠠᠯᠠᠩ

ᠮᠠᠯᠵᠢᠯ ᠤᠨ ᠲᠠᠯᠠᠪᠠᠶ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠨ  ᠰᠢᠢᠳᠪᠦᠷᠢᠯᠡᠬᠦ

ᠲᠣᠭᠲᠠᠴᠠ ᠶᠢ ᠦᠷᠭᠦᠯᠵᠢᠯᠡᠨ ᠬᠥᠭᠵᠢᠭᠡᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠶ ᠰᠠᠶᠢᠲᠤᠷ

ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠠᠮᠤ

ᠪᠤᠳᠠᠭᠠᠨ ᠤ ᠲᠠᠷᠢᠮᠠᠯ ᠤᠨ ᠠᠮᠤᠷ ᠲᠦᠪᠰᠢᠨ ᠪᠣᠯᠪᠠᠰᠤᠷᠠᠩᠭᠤᠶ᠂ ᠤᠷᠤᠭᠰᠢᠲᠠᠶ ᠪᠠᠷ ᠬᠠᠳᠤᠵᠤ ᠬᠤᠷᠢᠶᠠᠬᠤ ᠶᠢ ᠦᠨᠡᠨ ᠬᠦ ᠪᠠᠲᠤᠯᠠᠵᠤ᠂ ︽ᠠᠮᠤ ᠪᠤᠳᠠᠭᠠᠨ ᠤ ᠠᠮᠤᠷ

ᠲᠦᠪᠰᠢᠨ︾ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠶ ᠬᠡᠪᠡ᠃

旗委32次常委会2.jpg

      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠴᠢᠭᠯᠡᠯ ᠪᠣᠯᠤᠨ ᠠᠷᠭ᠎ᠠ ᠵᠠᠮ ᠢ

ᠭᠦᠨᠵᠡᠭᠡᠶ ᠣᠶᠢᠯᠠᠭᠠᠵᠤ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ

ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠪᠥᠬᠦ ᠬᠦᠴᠦᠨ ᠢᠶᠠᠷ ᠢᠶᠠᠨ ᠰᠠᠶᠢᠲᠤᠷ ᠵᠠᠮᠨᠠᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ᠂ ᠲᠠᠷᠢᠶᠠᠯᠠᠩ ᠤᠨ ᠣᠯᠠᠨ

ᠡᠬᠢᠲᠦ ᠪᠣᠬᠢᠷᠲᠤᠯ ᠤᠨ ᠠᠰᠠᠭᠤᠳᠠᠯ᠂ ᠨᠡᠶᠢᠭᠡᠮᠴᠢᠯᠡᠭᠰᠡᠨ ᠦᠢᠯᠡᠴᠢᠯᠡᠬᠡᠨ ᠤ ᠬᠢᠷᠢ ᠲᠦᠪᠰᠢᠨ ᠥᠨᠳᠥᠷ ᠪᠢᠰᠢ ᠵᠡᠷᠭᠡ ᠠᠰᠠᠭᠤᠳᠠᠯ ᠳᠤ ᠴᠢᠭᠯᠡᠭᠦᠯᠦᠨ᠂ 

ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ ᠲᠣᠭᠲᠠᠭᠠᠵᠤ᠂ ᠯᠠᠪᠳᠠᠭᠤᠨ ᠪᠦᠲᠦᠮᠵᠢᠲᠡᠶ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠤᠷᠠᠳ ᠤᠨ

ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠤ ᠦᠢᠯᠡᠳᠪᠦᠷᠢ ᠶᠢᠨ ᠬᠡᠯᠪᠡᠷᠢ ᠶᠢ

ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ

ᠤᠳᠤᠷᠢᠳᠤᠮᠵᠢ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠣᠨᠣᠪᠴᠢᠲᠠᠶ ᠨᠡᠪᠲᠡᠷᠡᠲᠡᠯ᠎ᠡ

ᠣᠶᠢᠯᠠᠭᠠᠵᠤ᠂ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ

ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠨᠢᠭᠡ ᠠᠭᠤᠷᠬᠠᠶ ᠳᠤ ᠨᠢᠭᠡ ᠠᠷᠭ᠎ᠠ ᠪᠣᠳᠣᠯᠭ᠎ᠠ

ᠬᠡᠷᠡᠭᠵᠢᠭᠦᠯᠬᠦ︾ ᠲᠥᠰᠦᠯ ᠢ ᠴᠢᠩᠭ᠎ᠠ ᠵᠢᠷᠤᠮᠯᠠᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ

ᠲᠦᠷᠭᠡᠳᠬᠡᠨ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ

ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ

ᠡᠳ᠋ᠰᠢᠭᠦᠯᠬᠦ ᠠᠵᠤ ᠦᠶ᠋ᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠡᠷᠴᠢᠮᠵᠢᠭᠰᠡᠨ᠂ ᠬᠡᠪᠴᠢᠶᠡᠵᠢᠭᠰᠡᠨ᠂

ᠲᠤᠰᠬᠠᠶᠢᠵᠢᠭᠰᠠᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠵᠤᠯᠭᠠᠯᠴᠠᠭᠤᠯᠬᠤ ᠪᠠᠯᠠ ᠮᠥᠩᠭᠦ ᠶᠢᠨ ᠲᠥᠪᠯᠡᠷᠡᠭᠦᠯᠬᠦ  ᠦᠢᠯᠡᠳᠦᠯ ᠢ ᠪᠠᠳᠠᠷᠠᠭᠤᠯᠵᠤ᠂

ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠠᠵᠢᠯ ᠬᠢᠬᠦ ᠳᠤᠷᠠᠲᠠᠶ᠂ ᠵᠣᠷᠢᠭᠲᠠᠶ ᠪᠠᠷ ᠬᠠᠷᠢᠭᠤᠴᠠᠯᠭ᠎ᠠ

ᠡᠭᠦᠷᠭᠡᠯᠡᠬᠦ᠂ ᠴᠢᠳᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠣᠯᠤᠨ ᠲᠦᠪᠰᠢᠨ ᠢ ᠦᠨᠡᠨ ᠬᠦ

ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠪᠣᠯᠤᠨ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠭᠡᠳᠬᠡᠵᠦ᠂ ᠪᠣᠳᠠᠲᠠᠶ ᠠᠵᠢᠯ ᠢ ᠲᠡᠷᠢᠭᠦᠨ ᠳᠤ ᠲᠠᠯᠪᠢᠵᠤ᠂ ᠱᠠᠯᠠᠪᠳᠠᠨ

ᠠᠳᠬᠤᠵᠤ ᠲᠦᠷᠭᠡᠨ ᠬᠢᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠦᠷᠢ ᠲᠥᠷᠬᠦ᠂ ᠦᠨᠡᠨᠴᠢ ᠢᠲᠡᠭᠡᠮᠵᠢ ᠶᠢ ᠡᠷᠬᠢᠮᠯᠡᠵᠦ

ᠦᠨᠡᠨᠴᠢ ᠢᠲᠡᠭᠡᠮᠵᠢ ᠶᠢ ᠪᠠᠷᠢᠮᠲᠠᠯᠠᠬᠤ ᠂ ᠦᠨᠡᠨ ᠰᠠᠶᠢᠨ ᠰᠠᠶᠢᠬᠠᠨ ᠳᠦᠷᠢ ᠲᠥᠷᠬᠦ ᠂ ᠬᠤᠶᠢᠷᠭᠤᠰᠢᠬᠤ ᠥᠬᠡᠶ ᠳᠦᠷᠢ ᠲᠥᠷᠬᠦ ᠂ ᠤᠴᠢᠷ ᠶᠠᠪᠤᠳᠠᠯ 

ᠬᠦᠢᠴᠡᠳᠭᠡᠭᠦ ᠳᠤ ᠶᠣᠰᠣ ᠲᠦᠷᠢᠮ ᠲᠠᠢ ᠳᠦᠷᠢ ᠲᠥᠷᠬᠦ ᠶᠢ ᠱᠤᠭᠤᠬᠤ ᠬᠡᠷᠡᠭᠲᠡᠶ ᠬᠡᠰᠡᠨ ᠪᠠᠶᠢᠨ᠎ᠠ᠃

     ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠬᠢᠨᠠᠨ ᠵᠥᠪᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ