8 ᠰᠠᠷ᠎ᠠ ᠶᠢᠨ 27 ᠤ ᠡᠳᠦᠷ ᠠᠴᠠ 29 ᠤ ᠡᠳᠦᠷ ᠬᠦᠷᠲᠡᠯ᠎ᠡ᠂ 2022 ᠣᠨ ᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠨ᠎ᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ | ᠲᠠᠯᠠᠪᠠᠶ ᠶᠢᠨ ᠲᠠᠮᠢᠷ ᠪᠥᠵᠢᠭ ᠤᠨ ᠤᠷᠤᠯᠳᠤᠭᠠᠨ ᠣᠷᠠᠳ ᠤᠨ ᠡᠮᠦᠨᠡᠲᠤ ᠬᠤᠰᠢᠭᠤᠨ ᠳᠤ ᠶᠠᠪᠣᠭᠳᠠᠬᠤ ᠪᠠᠷ ᠪᠣᠢ᠃ | ᠲᠣᠰ ᠤᠳᠠᠭᠠᠨ ᠤ ᠤᠷᠤᠯᠳᠤᠭᠠᠨ ᠨᠢ ᠡᠷᠡᠭᠦᠯ ᠡᠩᠬᠡ ᠳᠤᠮᠳᠠᠳᠤ ᠤᠯᠤᠰ ᠪᠣᠯᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠷᠡᠭᠦᠯ ᠡᠩᠬᠡ ᠪᠣᠯᠪᠠᠰᠤᠨ᠂ ᠪᠦᠯᠬᠦᠮᠳᠡᠨ ᠲᠡᠮᠡᠴᠡᠭᠰᠡᠨ᠂ ᠴᠡᠴᠡᠭᠯᠡᠨ ᠬᠥᠭᠵᠢᠭᠰᠡᠨ ᠡᠶ᠎ᠡ ᠵᠣᠬᠢᠴᠠᠩᠭᠤᠶ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ ᠶᠤᠮ᠃ ᠣᠶᠢᠷ᠎ᠠ ᠶᠢᠨ ᠵᠢᠯ ᠳᠤ᠂ ᠣᠷᠠᠳ ᠤᠨ ᠡᠮᠦᠨᠡᠲᠤ ᠬᠤᠰᠢᠭᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠥᠷᠥᠯ | ᠲᠡᠮᠳᠡᠭᠲᠦ ᠶᠢᠨ ᠠᠵᠢᠯᠯᠠᠭ᠎ᠠ ᠶᠢᠨ ᠤᠷᠤᠯᠳᠤᠭᠠᠨ ᠢ ᠢᠳᠡᠪᠬᠢᠲᠡᠶ ᠡᠭᠦᠳᠴᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠳᠤ ᠰᠠᠶᠢᠨ | ᠰᠠᠶᠢᠬᠠᠨ ᠣᠷᠴᠢᠨ ᠲᠣᠭᠤᠷᠢᠨ ᠢ ᠡᠭᠦᠳᠦᠨ ᠥᠭᠴᠡᠶ᠂ ᠲᠣᠰ ᠤᠳᠠᠭᠠᠨ ᠤ ᠲᠠᠯᠠᠪᠠᠶ ᠶᠢᠨ ᠲᠠᠮᠢᠷ ᠤᠨ ᠤᠷᠤᠯᠳᠤᠭᠠᠨ ᠨᠢ ᠨᠠᠩ ᠴᠤ ᠥᠷᠭᠡᠨ ᠣᠯᠠᠨ ᠲᠦᠮᠡᠨ ᠢ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠴᠣᠭᠴᠠ ᠪᠠ ᠬᠢᠯᠠᠰ ᠴᠡᠭ ᠪᠣᠯᠭᠠᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ | ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠬᠥᠮᠦᠨ ᠪᠦᠬᠦᠨ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠬᠢᠭᠤᠯᠤᠭᠴᠢ ᠪᠠ | ᠣᠷᠣᠯᠴᠠᠭᠴᠢ ᠪᠣᠯᠭᠠᠬᠤ ᠪᠠᠷ ᠵᠣᠷᠢᠵᠠᠢ᠃ | ᠣᠶᠢᠯᠠᠭᠠᠨᠰᠠᠨ ᠢᠶᠠᠷ᠂ ᠲᠣᠰ ᠣᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ | ᠦᠢᠯᠡᠴᠢᠯᠡᠬᠡᠨ ᠤ ᠲᠥᠪ ᠠᠴᠠ ᠭᠤᠣᠯᠯᠠᠨ ᠡᠷᠬᠢᠯᠡᠵᠦ᠂ ᠪᠠᠶᠠᠨᠨᠠᠭᠤᠷ ᠬᠤᠲᠠ ᠶᠢᠨ ᠪᠡᠶ᠎ᠡ ᠲᠠᠮᠢᠷ ᠤᠨ ᠲᠣᠪᠴᠢᠶ᠎ᠠ᠂ ᠤᠷᠠᠳ ᠤᠨ ᠡᠮᠦᠨᠡᠲᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠵᠦ ᠶᠠᠪᠣᠭᠳᠠᠭᠤᠯᠬᠤ ᠪᠣᠯᠣᠨ᠎ᠠ᠃ | |