ᠰᠣᠶᠣᠯᠲᠤ ᠤᠯᠠᠭᠠᠨᠰᠤᠬᠠᠢ ᠶᠢᠨ ᠰᠠᠪᠠ ᠭᠠᠵᠠᠷ ᠤᠨ ᠠᠵᠤ ᠦᠢᠯᠡᠰ ᠤᠨ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/23
      8 ᠰᠠᠷ᠎ᠠ ᠶᠢᠨ 21 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠤᠯᠠᠭᠠᠨᠰᠤᠬᠠᠢ ᠶᠢᠨ ᠰᠠᠪᠠ ᠭᠠᠵᠠᠷ ᠤᠨ ᠠᠵᠤ ᠦᠢᠯᠡᠰ ᠤᠨ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ 

乌梁素海调研1.jpg

      ᠰᠣᠶᠣᠯᠲᠤ ᠪᠣᠯᠤᠨ ᠬᠤᠰᠢᠭᠤᠨ ᠤ ᠤᠳᠤᠷᠢᠳᠤᠯᠭ᠎ᠠ ᠵᠢᠶᠠ ᠵᠧᠨ ᠬᠤᠸᠠ᠂ ᠯᠢᠦ ᠶᠤᠸᠠᠢ ᠮᠢᠩ ᠵᠢᠴᠢ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠨᠠᠷ ᠤᠷᠢᠳ ᠬᠤᠵᠢᠳ ᠶᠡᠭᠡ ᠰᠢᠭᠡᠲᠡᠢ ᠪᠠᠯᠭᠠᠰᠤᠨ ᠤ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠤᠰᠤ ᠠᠷᠪᠢᠯᠠᠵᠤ ᠦᠷ᠎ᠡ

ᠠᠰᠢᠭ ᠢ ᠨᠡᠮᠡᠭᠳᠡᠭᠦᠯᠬᠦ  ᠵᠢᠱᠢᠶ᠎ᠡ ᠦᠵᠡᠭᠦᠯᠬᠦ ᠬᠦᠷᠢᠶᠡᠯᠡᠩ᠂  ᠰᠤᠳᠠᠯ ᠤᠨ ᠬᠤᠳᠳᠤᠭ ᠤᠨ ᠸᠠ ᠶᠣᠣ ᠲᠠᠨ ᠳᠠᠬᠢ ᠲᠠᠷᠪᠤᠰ ᠤᠨ ᠵᠠᠬ᠎ᠠ ᠳᠡᠯᠭᠡᠭᠦᠷ᠂ ᠰᠢᠨ ᠠᠨ

ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠵᠢᠴᠢ ᠰᠢᠨ ᠠᠨ ᠪᠠᠯᠭᠠᠰᠤᠨ ᠤ ᠢᠳᠡᠭᠡᠨ ᠤ

ᠠᠵᠤ ᠦᠢᠯᠡᠳᠪᠦᠷᠢ ᠶᠢᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠡᠯ᠎ᠡ ᠭᠠᠵᠠᠷ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠤᠨᠴᠠᠯᠢᠬᠳᠤ

ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃

      ᠰᠣᠶᠣᠯᠲᠤ ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠪᠦᠲᠦᠴᠡ ᠪᠠᠨ

ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠳᠣᠭᠢᠷᠬᠠᠰᠠᠨ ᠲᠥᠷᠥᠯ  ᠵᠦᠢᠯ ᠢ ᠣᠨᠣᠪᠴᠢᠲᠠᠶ ᠰᠣᠩᠭᠤᠵᠤ᠂ ᠮᠠᠯᠵᠢᠬᠤ ᠲᠠᠷᠢᠶᠠᠯᠠᠬᠤ

ᠣᠷᠣᠨ ᠤ ᠡᠬᠢ ᠪᠠᠶᠠᠯᠢᠭ ᠢ ᠠᠮᠢᠳᠤᠯᠢᠭᠵᠢᠭᠤᠯᠤᠨ᠂ ᠦᠨᠡᠨ ᠠᠴᠠ ᠵᠥᠪ ᠢ ᠡᠷᠢᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ

ᠣᠨᠴᠠᠯᠢᠭᠲᠤ ᠳᠠᠪᠠᠭᠤᠯᠢᠭ ᠠᠵᠤ  ᠦᠢᠯᠡᠰ ᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠢ ᠦᠷᠭᠦᠯᠵᠢᠯᠡᠨ

ᠪᠠᠬᠢᠵᠢᠭᠦᠯᠦᠨ ᠪᠤᠵᠠᠭᠠᠶᠢᠷᠠᠭᠤᠯᠵᠤ᠂ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠦᠨ᠂ ᠨᠢᠭᠡ ᠪᠦᠯᠦᠭ ᠠᠷᠠᠳ ᠢ ᠪᠠᠶᠠᠵᠢᠭᠤᠯᠬᠤ ᠠᠵᠤ 

ᠦᠢᠯᠡᠰ ᠢ ᠪᠤᠶᠢᠵᠢᠭᠤᠯᠵᠤ᠂ ᠮᠠᠯᠴᠢᠨ ᠲᠠᠷᠢᠶᠠᠴᠢᠨ ᠢ ᠠᠵᠤ  ᠦᠢᠯᠡᠰ ᠤᠨ ᠬᠥᠭᠵᠢᠯᠲᠡ ᠶᠢᠨ ᠳᠤᠮᠳᠠ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠶ᠃

ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ

ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠠᠵᠤ ᠦᠢᠯᠡᠰ ᠤᠨ ᠬᠡᠯᠬᠢᠶ᠎ᠡ ᠳᠡᠭᠡᠷ᠎ᠡ

ᠪᠠᠶᠢᠭᠤᠯᠵᠤ᠂ ᠨᠠᠮ ᠤᠨ ᠭᠡᠰᠢᠭᠦᠨ ᠢ ᠠᠵᠤ ᠦᠢᠯᠡᠰ ᠤᠨ ᠬᠡᠯᠬᠢᠶ᠎ᠡ ᠳᠡᠭᠡᠷ᠎ᠡ ᠲᠥᠪᠯᠡᠷᠡᠭᠦᠯᠵᠦ᠂ ᠮᠠᠯᠴᠢᠨ ᠲᠠᠷᠢᠶᠠᠴᠢᠨ ᠢ ᠠᠵᠤ ᠦᠢᠯᠡᠰ ᠤᠨ ᠬᠡᠯᠬᠢᠶ᠎ᠡ ᠳᠡᠭᠡᠷ᠎ᠡ

ᠪᠠᠶᠠᠵᠢᠭᠤᠯᠬᠤ ᠬᠡᠷᠡᠭᠲᠡᠢ᠃ 

乌梁素海调研2.jpg

     ᠰᠣᠶᠣᠯᠲᠤ ᠨᠠᠷ ᠪᠠᠰᠠ ᠤᠯᠠᠭᠠᠨᠰᠤᠬᠠᠢ ᠶᠢᠨ ᠠᠮᠢ ᠠᠬᠤᠢ ᠶᠢᠨ ᠰᠢᠰᠲ᠋ᠧᠮ ᠤᠨ ᠪᠠᠶᠢᠷᠢ ᠲᠣᠭᠲᠠᠭᠠᠯᠲᠠ ᠶᠢᠨ ᠠᠵᠢᠭᠯᠠᠯᠲᠠ ᠶᠢᠨ ᠰᠤᠳᠤᠯᠭᠠᠨ ᠤ ᠦᠷᠳᠡᠭᠡ᠂

ᠤᠯᠠᠭᠠᠨᠰᠤᠬᠠᠢ ᠶᠢᠨ ᠲᠠᠯᠠᠢ ᠶᠢᠨ ᠬᠠᠰᠢᠯᠭ᠎ᠠ ᠶᠢ ᠪᠠᠬᠢᠵᠢᠭᠦᠯᠬᠦ ᠵᠢᠴᠢ ᠨᠠᠭᠤᠷ ᠤᠨ ᠬᠥᠪᠡᠭᠡᠨ ᠤ ᠪᠣᠬᠢᠷᠲᠤᠯ ᠢ ᠬᠤᠷᠢᠭᠯᠠᠬᠤ ᠪᠦᠰᠡ ᠶᠢᠨ ᠢᠨᠵᠧᠨᠧᠷᠢᠩ ᠤᠨ ᠪᠦᠳᠦᠭᠡᠨ

ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠲᠦᠷᠦᠯ ᠵᠦᠢᠯ᠂ ᠦᠷ᠎ᠡ ᠪᠦᠲᠦᠭᠡᠯ᠂

ᠤᠰᠤᠨ ᠤ ᠠᠮᠢ ᠠᠬᠤᠢ ᠣᠷᠴᠢᠨ ᠲᠣᠭᠤᠷᠢᠨ ᠤ ᠪᠠᠶᠢᠳᠠᠯ᠂ ᠵᠠᠰᠠᠯᠲᠠ ᠶᠢᠨ ᠠᠷᠭ᠎ᠠ ᠬᠡᠮᠵᠢᠶ᠎ᠡ ᠵᠢᠴᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ

ᠣᠶᠢᠯᠠᠭᠠᠪᠠ᠃ ᠰᠣᠶᠣᠯᠲᠤ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ

ᠡᠭᠦᠷᠭᠡᠯᠡᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠵᠣᠬᠢᠴᠠᠯᠳᠤᠨ ᠬᠠᠮᠲᠤᠷᠠᠯᠴᠠᠵᠤ᠂ ᠵᠠᠰᠠᠯᠲᠠ ᠶᠢᠨ ᠳᠤᠮᠳᠠᠬᠢ ᠬᠦᠴᠢᠷ ᠠᠰᠠᠭᠤᠳᠠᠯ ᠪᠠ ᠲᠦᠭᠵᠢᠷᠡᠯ ᠤᠨ

ᠠᠰᠠᠭᠤᠳᠠᠯ ᠢ ᠬᠠᠮᠲᠤ ᠪᠠᠷ ᠰᠠᠶᠢᠲᠤᠷ  ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃

ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠲᠤᠨ ᠭᠤᠤᠯ ᠤᠨ ᠰᠥᠩ ᠬᠠᠯᠢᠶ᠎ᠠ ᠦᠶᠡᠷ ᠤᠨ ᠬᠤᠭᠤᠴᠠᠭᠠᠨ ᠳᠤ ᠠᠮᠢ ᠠᠬᠤᠶ ᠶᠢᠨ ᠤᠰᠤ ᠨᠥᠬᠦᠪᠥᠷᠢᠯᠡᠬᠦ ᠶᠢ

ᠦᠷᠭᠦᠯᠵᠢᠯᠡᠨ ᠴᠢᠩᠭᠠᠳᠬᠠᠵᠤ᠂ ᠤᠯᠠᠭᠠᠨᠰᠤᠬᠠᠢ ᠶᠢ ᠡᠷᠡᠰ ᠰᠠᠶᠢᠲᠤᠷ ᠵᠠᠰᠠᠵᠤ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃

乌梁素海调研3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ