8 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ | ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠤᠯᠠᠭᠠᠨᠰᠤᠬᠠᠢ ᠶᠢᠨ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ | ᠵᠢᠯᠣᠭᠤᠳᠪᠠ᠃ ᠲᠡᠷᠡ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ | ᠠᠬᠤᠢ ᠣᠷᠴᠢᠨ ᠲᠣᠭᠤᠷᠢᠨ ᠢ ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠬᠠᠮᠤᠭ ᠤᠨ ᠡᠷᠡᠰ ᠪᠠᠲᠤ ᠣᠪᠣᠷ᠂ ᠬᠠᠮᠤᠭ ᠤᠨ ᠲᠦᠷᠭᠡᠨ ᠠᠵᠢᠯᠯᠠᠭ᠎ᠠ᠂ | ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ | ᠭᠡᠵᠦ ᠴᠢᠬᠤᠯᠠᠴᠢᠯᠠᠪᠠ᠃ | | | | | ᠾᠧ ᠸᠧᠶ ᠬᠤᠸᠠ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ ᠬᠦᠨᠬᠤᠳᠳᠣᠤᠭ ᠤᠨ ᠲᠡᠮᠦᠷ ᠤᠨ ᠠᠭᠤᠷᠬᠠᠶ᠂ ᠦᠨᠳᠣ ᠲᠡᠮᠦᠷ ᠤᠨ | ᠠᠭᠤᠷᠬᠠᠶ᠂ ᠵᠥᠩ ᠵᠧᠩ ᠠᠭᠤᠷᠬᠠᠶ ᠶᠢᠨ ᠦᠢᠯᠡᠰ ᠵᠡᠷᠭᠡ ᠭᠠᠵᠠᠷ ᠲᠤ ᠬᠦᠷᠴᠦ᠂ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ᠂ ᠦᠯᠡᠳᠡᠭᠳᠡᠯ ᠬᠦᠳᠡᠷ ᠤᠨ | ᠬᠥᠮᠥᠷᠭᠡ ᠶᠢ ᠵᠠᠰᠠᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ | ᠠᠬᠢᠴᠠ᠂ ᠪᠠᠷᠢᠯᠭ᠎ᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠪᠠ᠃ ᠲᠡᠷᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ᠂ ᠦᠨᠳᠦᠰᠦ ᠠᠴᠠ ᠨᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠠᠭᠤᠷᠬᠠᠶ ᠶᠢᠨ ᠡᠷᠬᠡ ᠶᠢ | ᠨᠡᠶᠢᠳᠬᠡᠬᠦ᠂ ᠠᠭᠤᠷᠬᠠᠶ ᠶᠢ ᠰᠡᠷᠭᠦᠭᠡᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠶ ᠶᠢ ᠰᠡᠷᠭᠦᠭᠡᠬᠦ ᠪᠠ ᠠᠵᠤ ᠦᠢᠯᠡᠰ ᠢ ᠬᠥᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠨᠡᠶᠢᠳᠬᠡᠨ | ᠠᠰᠢᠭᠯᠠᠬᠤ ᠠᠵᠢᠯ ᠢ ᠰᠠᠶᠢᠲᠤᠷ ᠬᠢᠵᠦ᠂ ᠥᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ | ᠬᠤᠷᠢᠭᠯᠠᠬᠤ ᠬᠡᠷᠡᠭᠲᠡᠶ᠃ ᠬᠠᠷᠢᠶ᠎ᠠ ᠣᠷᠣᠨ ᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠵᠤ ᠬᠡᠷᠡᠭ ᠢ | ᠳᠠᠭᠠᠭᠠᠴᠢᠯᠠᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠠᠬᠢᠭᠤᠯᠵᠤ᠂ ᠨᠢᠭᠡᠳ ᠨᠢᠭᠡ ᠪᠠᠷ | ᠰᠢᠢᠳᠪᠦᠷᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠠ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠠᠷᠢᠯᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠠ ᠶᠢ ᠴᠡᠭᠴᠡᠯᠡᠨ ᠰᠠᠶᠢᠵᠢᠷᠠᠭᠤᠯᠬᠤ ᠦᠯᠢᠭᠡᠷ ᠵᠢᠱᠢᠶ᠎ᠠ ᠪᠣᠯᠭᠠᠬᠤ ᠪᠠᠷ ᠴᠢᠷᠮᠠᠶᠢᠬᠤ ᠬᠡᠷᠡᠭᠲᠡᠢ | ᠬᠡᠪᠡ᠃ | | | | | ᠤᠯᠠᠭᠠᠨᠰᠤᠬᠠᠢ ᠶᠢᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠪᠠᠶᠢᠷᠢ ᠲᠣᠭᠲᠠᠭᠠᠯᠲᠠ ᠶᠢᠨ ᠰᠤᠳᠤᠯᠭᠠᠨ ᠤ ᠦᠷᠳᠡᠭᠡ ᠪᠣᠯᠤᠨ ᠴᠠᠭ | ᠠᠭᠤᠷ ᠤᠨ ᠠᠵᠢᠭᠯᠠᠯᠲᠠ ᠶᠢᠨ ᠰᠠᠭᠤᠷᠢᠨ᠂ ᠤᠯᠠᠭᠠᠨᠰᠤᠬᠠᠢ ᠶᠢᠨ ᠰᠢᠶᠤᠤ ᠬᠠᠢ ᠽᠢ᠂ ᠰᠣᠳᠠᠯ ᠤᠨ ᠬᠤᠳᠳᠤᠭ ᠤᠨ ᠤᠰᠤᠨ ᠬᠠᠶᠠᠯᠲᠠ ᠶᠢᠨ ᠦᠷᠳᠡᠭᠡ᠂ | ᠤᠯᠠᠭᠠᠨᠰᠤᠬᠠᠢ ᠶᠢᠨ ᠰᠢᠶᠠᠩᠵᠢᠶᠤᠤ ᠬᠠᠰᠢᠯᠭ᠎ᠠ ᠵᠢᠴᠢ ᠪᠠᠷᠠᠭᠤᠨ ᠡᠷᠭᠢ ᠶᠢᠨ ᠥᠨᠳᠥᠷ ᠪᠦᠲᠦᠮᠵᠢᠲᠡᠢ ᠲᠠᠷᠢᠶᠠᠯᠠᠩ ᠤᠨ ᠰᠢᠨ᠎ᠡ ᠶᠢ ᠡᠭᠦᠳᠬᠦ ᠵᠢᠱᠢᠶ᠎ᠠ ᠦᠵᠡᠭᠦᠯᠬᠦ | ᠬᠦᠷᠢᠶᠡᠯᠡᠩ ᠲᠣᠭᠤᠷᠢᠭ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠾᠧ ᠸᠧᠢ ᠬᠤᠸᠠ ᠴᠢᠬᠤᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠰᠤᠬᠠᠢ ᠶᠢᠨ ᠵᠠᠰᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠬᠡᠰᠡᠭ ᠡᠬᠢ᠂ ᠣᠯᠠᠨ | ᠡᠬᠢ᠂ ᠳᠣᠲᠣᠭᠠᠳᠤ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶ ᠠᠬᠢᠭᠤᠯᠵᠤ᠂ ᠠᠮᠢ ᠠᠬᠤᠶ ᠶᠢᠨ ᠤᠰᠤ ᠨᠥᠬᠦᠪᠥᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠨᠠᠭᠤᠷ ᠤᠨ ᠣᠷᠣᠨ ᠤ ᠤᠰᠤᠨ ᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠵᠣ᠂ ᠨᠠᠭᠤᠷ ᠤᠨ ᠣᠷᠣᠨ ᠤ ᠡᠷᠬᠢᠨ ᠲᠣᠭᠤᠷᠢᠨ ᠤ ᠤᠯᠠᠨ | ᠲᠦᠮᠡᠨ ᠤ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠵᠢᠭᠠᠰᠤᠴᠢᠨ ᠤ ᠡᠷᠭᠢ ᠳᠤ ᠭᠠᠷᠬᠤ ᠠᠰᠠᠭᠤᠳᠠᠯ ᠢ ᠲᠣᠬᠢᠲᠠᠢ ᠰᠠᠶᠢᠲᠤᠷ ᠰᠢᠢᠳᠪᠦᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ᠂ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠤᠨᠴᠠᠯᠢᠬᠳᠤ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠠᠮᠢ ᠠᠬᠤᠢ ᠶᠢᠨ ᠦᠷ᠎ᠡ | ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠬᠡᠰᠡᠨ ᠪᠠᠶᠢᠨ᠎ᠠ᠃ | ᠬᠤᠲᠠ ᠶᠢᠨ ᠤᠳᠤᠷᠢᠳᠤᠯᠭ᠎ᠠ ᠬᠥᠬᠡ᠂ ᠵᠣᠣ ᠸᠧᠶ ᠹᠧᠩ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ | ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠭᠧᠨ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |