ᠣᠷᠠᠳ ᠤᠨ ᠡᠮᠦᠨᠡᠲᠦ ᠬᠤᠰᠢᠭᠤᠨ ᠤ ᠪᠠᠶᠢᠴᠠᠭᠠᠬᠤ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/8/24
      ᠤᠢᠢᠷ᠎ᠡ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠬᠤᠷᠠᠯᠳᠤᠵᠤ᠂ ᠪᠦᠬᠦ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠬᠠᠤᠯᠢ ᠴᠠᠭᠠᠵᠠ ᠶᠢᠨ ᠠᠵᠢᠯᠯᠠᠭ᠎ᠠ ᠳᠤ ᠭᠠᠷ ᠲᠦᠷᠦᠭᠰᠡᠨ ᠬᠠᠤᠯᠢ ᠴᠠᠭᠠᠵᠠ ᠶᠢᠨ ᠠᠵᠢᠯᠳᠠᠨ ᠤ ᠵᠦᠢ ᠪᠤᠰᠤ ᠪᠠᠷ ᠬᠠᠷᠢᠯᠴᠠᠵᠤ ᠶᠠᠪᠤᠯᠴᠠᠭᠰᠠᠨ ᠵᠡᠷᠭᠡ ᠨᠡᠶᠢᠲᠡᠯᠢᠭ ᠬᠡᠷᠡᠭ ᠢ ᠰᠢᠢᠳᠪᠦᠷᠢᠯᠡᠪᠡ᠃     ᠲᠤᠰ ᠤᠳᠠᠭ᠎ᠠ ᠶᠢᠨ ᠰᠡᠷᠡᠮᠵᠢᠯᠡᠭᠦᠯᠬᠦ ᠬᠥᠮᠦᠵᠢᠯ ᠨᠢ ᠪᠦᠬᠦ ᠺᠠᠳ᠋ᠷ ᠴᠠᠭᠳᠠᠭ᠎ᠠ ᠶᠢᠨ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠪᠠᠲᠤᠯᠠᠬᠤ ᠳᠤ ᠰᠠᠭᠤᠷᠢ ᠲᠠᠯᠪᠢᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ᠂ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠪᠠ ᠶᠢ ᠴᠢᠩᠭ᠎ᠠ ᠴᠠᠭᠠᠵᠠᠯᠠᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠪᠣᠯᠤᠨ ᠰᠠᠬᠢᠯᠭ᠎ᠠ ᠪᠠᠲᠤ  ᠪᠠᠨ ᠦᠨᠡᠨ ᠬᠦ ᠬᠤᠪᠢᠷᠠᠭᠤᠯᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠦᠨᠡᠨ ᠬᠦ ᠪᠠᠬᠢᠵᠢᠭᠦᠯᠵᠦ᠂ ᠰᠡᠳᠬᠢᠯ ᠳᠡᠭᠡᠨ ᠪᠢᠰᠢᠷᠡᠨ ᠵᠢᠷᠦᠬᠡᠰᠢᠶᠡᠬᠦ᠂ ᠠᠵᠢᠯᠯᠠᠭ᠎ᠠ ᠳᠠᠭᠠᠨ ᠬᠤᠷᠢᠭ᠎ᠠ ᠱᠤᠭᠤᠮ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃     ᠬᠤᠶᠢᠰᠢᠳᠠ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠢᠴᠠᠭᠠᠬᠤ ᠠᠵᠢᠯ ᠢ ᠰᠢᠪᠠᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ᠂ ᠬᠠᠤᠯᠢ ᠪᠠᠷᠢᠬᠤ ︽ᠭᠤᠷᠪᠠᠨ ᠲᠣᠭᠲᠠᠭᠠᠯ︾ ᠢ ᠳᠦᠷᠢᠮᠵᠢᠭᠦᠯᠬᠦ᠂ ᠪᠠᠶᠢᠩᠭᠤᠵᠢᠭᠤᠯᠬᠤ ᠳᠤ ᠭᠠᠷ ᠲᠦᠷᠦᠭᠦ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠤᠯᠢ ᠪᠠᠷᠢᠬᠤ ᠣᠷᠴᠢᠨ ᠨᠥᠬᠦᠴᠡᠯ ᠢ ᠦᠷᠭᠦᠯᠵᠢᠯᠡᠨ ᠴᠡᠪᠡᠷᠰᠢᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ