ᠡᠷᠳᠡᠨᠢᠪᠤᠯᠠᠭ ᠲᠣᠮᠢᠯᠠᠭᠰᠠᠨ ᠰᠠᠯᠪᠤᠷᠢ ᠤᠯᠠᠭᠠᠨᠰᠤᠬᠠᠢ ᠶᠢ ᠴᠠᠭᠳᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/24
      ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠣᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠳᠡᠨᠢᠪᠤᠯᠠᠭ ᠲᠣᠮᠢᠯᠠᠭᠰᠠᠨ ᠰᠠᠯᠪᠤᠷᠢ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃       8 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠡᠷᠳᠡᠨᠢᠪᠤᠯᠠᠭ ᠲᠣᠮᠢᠯᠠᠭᠰᠠᠨ ᠰᠠᠯᠪᠤᠷᠢ ᠪᠣᠯᠤᠨ ᠤᠯᠠᠭᠠᠨᠰᠤᠬᠠᠢ ᠶᠢᠨ  ᠨᠠᠭᠤᠷ ᠢ ᠬᠠᠮᠠᠭᠠᠯᠠᠬᠤ ᠠᠩᠭᠢ ᠬᠠᠮᠲᠤᠷᠠᠨ ᠬᠥᠳᠡᠯᠦᠯᠴᠡᠵᠦ᠂ ᠤᠯᠠᠭᠠᠨᠰᠤᠬᠠᠢ ᠶᠢᠨ ᠣᠷᠣᠨ ᠪᠦᠰᠡ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠠ᠃ ᠠᠷᠠᠳ ᠤᠨ ᠴᠠᠭᠳᠠᠭ᠎ᠠ ᠪᠣᠯᠤᠨ  ᠨᠠᠭᠤᠷ ᠬᠠᠮᠠᠭᠠᠯᠠᠬᠤ ᠠᠩᠭᠢ ᠶᠢᠨ ᠭᠡᠰᠢᠭᠦᠨ ᠴᠠᠭᠳᠠᠨ ᠪᠠᠶᠢᠴᠠᠭᠠᠬᠤ ᠣᠩᠭᠤᠴᠠ ᠵᠢᠯᠣᠭᠤᠳᠤᠨ ᠲᠡᠯᠡᠶ ᠶᠢᠨ ᠣᠷᠣᠨ ᠢ ᠴᠠᠭᠳᠠᠨ ᠪᠠᠶᠢᠴᠠᠭᠠᠵᠤ᠂ ᠬᠠᠤᠯᠢ ᠪᠤᠰᠤ ᠪᠠᠷ ᠵᠢᠭᠠᠰᠤ ᠠᠩᠨᠠᠬᠤ᠂ ᠰᠢᠪᠠᠭᠤᠨ ᠥᠨᠳᠡᠭᠡ ᠲᠡᠭᠦᠬᠦ᠂ ᠰᠢᠪᠠᠭᠤᠨ ᠤ ᠲᠥᠷᠥᠯ ᠢ ᠬᠤᠯᠠᠭᠠᠶᠢᠯᠠᠬᠤ ᠵᠢᠴᠢ ᠳᠤᠷ᠎ᠠ ᠪᠠᠷ ᠢᠶᠠᠨ ᠨᠠᠭᠤᠷ ᠲᠤ ᠭᠠᠷᠴᠤ ᠵᠢᠭᠤᠯᠴᠢᠯᠠᠬᠤ ᠵᠡᠷᠭᠡ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠨᠡᠶᠢᠲᠡ 96 ᠰᠢᠩᠭᠡᠯᠢᠭ᠂ 20 ᠭᠠᠷᠤᠶ ᠵᠢᠭᠠᠰᠤᠨ ᠲᠤᠤᠷ ᠢ ᠱᠦᠭᠦᠵᠦ᠂ ᠪᠦᠬᠦᠨ ᠢ ᠤᠯᠠᠭᠠᠨᠰᠤᠬᠠᠢ ᠵᠢᠭᠠᠰᠤᠨ ᠲᠠᠯᠠᠪᠠᠶ ᠳᠤ ᠲᠤᠰᠢᠶᠠᠨ ᠲᠥᠪᠯᠡᠷᠡᠭᠦᠯᠦᠨ ᠤᠰᠠᠳᠬᠠᠪᠠ᠃      ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ᠂ ᠡᠷᠳᠡᠨᠢᠪᠤᠯᠠᠭ ᠲᠣᠮᠢᠯᠠᠭᠰᠠᠨ ᠰᠠᠯᠪᠤᠷᠢ ᠪᠣᠯᠤᠨ ᠤᠯᠠᠭᠠᠨᠰᠤᠬᠠᠢ  ᠨᠠᠭᠤᠷ ᠢ ᠬᠠᠮᠠᠭᠠᠯᠠᠬᠤ ᠠᠩᠭᠢ ᠬᠠᠮᠲᠤᠷᠠᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠣᠯᠵᠤ ᠮᠡᠳᠡᠭᠡᠳ ᠬᠠᠤᠯᠢ ᠶᠣᠰᠣᠭᠠᠷ ᠰᠢᠳᠬᠡᠨ ᠲᠣᠷᠭᠠᠵᠤ᠂  ᠣᠶᠢᠯᠠ ᠠᠵᠢᠯᠯᠠᠭ᠎ᠠ ᠨᠢ ᠬᠦᠨᠳᠦ ᠨᠣᠴᠢᠲᠠᠶ ᠢ ᠨᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ