ᠤᠷᠠᠳ ᠤᠨ ᠡᠮᠦᠨᠡᠲᠦ ᠬᠤᠰᠢᠭᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 2022 ᠣᠨ ᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ︽  ᠲᠠᠶᠢᠰᠠᠨ ᠤ ᠮᠦᠷᠦᠶᠢᠴᠡᠭᠡᠨ︾ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/24
      8 ᠰᠠᠷ᠎ᠠ ᠶᠢᠨ 23 ᠤ ᠡᠳᠦᠷ᠂ ᠤᠷᠠᠳ ᠤᠨ ᠡᠮᠦᠨᠡᠲᠦ ᠬᠤᠰᠢᠭᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 2022 ᠣᠨ ᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ︽  ᠲᠠᠶᠢᠰᠠᠨ ᠤ ᠮᠦᠷᠦᠶᠢᠴᠡᠭᠡᠨ︾ ᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠬᠤᠶᠠᠳᠤᠭᠠᠷ ᠰᠠᠯᠠᠭᠠᠨ ᠤ ᠳᠡᠳ᠋ ᠳᠠᠷᠤᠭ᠎ᠠ ᠰᠦᠨ ᠶᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠱᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠠᠷᠠᠨᠴᠡᠴᠡᠭ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠤᠶᠤᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠶᠤᠸᠠᠢ ᠮᠢᠩ᠂ ᠵᠢᠴᠢ ᠬᠤᠰᠢᠭᠤᠨ ᠳᠤ ᠪᠠᠨ ᠪᠠᠶᠢᠭ᠎ᠠ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠡᠭ ᠪᠦᠷᠢᠯᠳᠦᠬᠦᠨ ᠵᠢᠴᠢ ᠬᠡᠰᠡᠭ ᠨᠠᠮ ᠤᠨ ᠲᠥᠯᠥᠭᠡᠯᠡᠭᠴᠢ ᠪᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠠᠮᠲᠤ ᠪᠠᠷ ᠤᠷᠤᠯᠳᠤᠭᠠᠨ ᠢ ᠰᠣᠨᠢᠷᠬᠠᠪᠠ᠃

擂台比武1.jpg

擂台比武2.jpg

      ᠰᠣᠶᠣᠯᠲᠤ ᠶᠠᠷᠢᠶᠠᠨ ᠳᠠᠭᠠᠨ ᠣᠯᠠᠨ ᠢ ᠲᠣᠰ ᠤᠳᠠᠭᠠᠨ ᠤ ᠬᠤᠰᠢᠭᠤᠨ ᠤ ︽  ᠲᠠᠶᠢᠰᠠᠨ ᠤ ᠮᠦᠷᠦᠶᠢᠴᠡᠭᠡᠨ︾ ᠤ ᠬᠡᠯᠪᠡᠷᠢ ᠪᠠᠷ ᠲᠣᠯᠢ ᠪᠣᠯᠭᠠᠵᠤ᠂ ᠭᠠᠴᠠᠭ᠎ᠠ

ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠶᠢᠨ ︽ᠲᠠᠶᠢᠰᠠᠨ ᠤ ᠮᠦᠷᠦᠶᠢᠴᠡᠭᠡᠨ︾ ᠢ ᠪᠠᠶᠢᠩᠭᠤ ᠵᠣᠬᠢᠶᠠᠨ ᠪᠠᠶᠢᠭᠤᠯᠤᠨ ᠥᠷᠨᠢᠭᠦᠯᠬᠦ ᠶᠢ

ᠵᠣᠷᠢᠭᠵᠢᠭᠤᠯᠪᠠ᠃ ᠡᠨᠡ ᠨᠢ ᠭᠤᠣᠯᠳᠠᠭᠤ ᠨᠢᠭᠡ ᠳᠤ ᠨᠠᠮ ᠤᠨ ᠪᠠᠶᠢᠭᠤᠯᠤᠯᠲᠠ ᠶᠢ ᠠᠳᠠᠯᠢᠳᠬᠠᠨ᠎ᠠ ᠃ ᠬᠤᠶᠠᠷ ᠲᠤ ᠰᠡᠳᠬᠢᠴᠡ ᠶᠢ ᠠᠳᠠᠯᠢᠳᠬᠠᠨ᠎ᠠ᠂ ᠪᠣᠳᠣᠯ ᠢ

ᠠᠳᠠᠯᠢᠳᠬᠠᠨ᠎ᠠ᠃ ᠭᠤᠷᠪᠠ ᠳᠤ ᠪᠠᠶᠢᠳᠠᠯ᠂ ᠰᠤᠷᠲᠠᠯ ᠢᠶᠠᠨ ᠠᠳᠠᠯᠢᠳᠬᠠᠬᠤ ᠬᠡᠷᠡᠭᠲᠡᠢ᠃ ᠳᠦᠷᠪᠡ ᠳᠤ᠂ ᠵᠢᠳᠬᠦᠯ ᠴᠢᠷᠮᠠᠶᠢᠯᠭ᠎ᠠ ᠪᠠᠨ ᠠᠳᠠᠯᠢᠳᠬᠠᠵᠤ᠂

ᠬᠤᠪᠢᠷᠠᠯᠲᠠ ᠪᠠᠨ ᠠᠳᠠᠯᠢᠳᠬᠠᠬᠤ ᠬᠡᠷᠡᠭᠲᠡᠢ᠃ ᠲᠣᠰ ᠤᠳᠠᠭᠠᠨ ᠤ ︽ᠲᠥᠪᠯᠡᠷᠡᠭᠦᠯᠦᠨ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠬᠤ︾ ᠪᠠ ︽

ᠤᠷᠤᠯᠳᠤᠭᠠᠨ ᠶᠠᠪᠤᠭᠤᠯᠬᠤ︾ ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠤᠷᠤᠯᠴᠠᠨ ᠲᠣᠯᠢᠳᠠᠵᠤ᠂ ᠠᠰᠠᠭᠤᠳᠠᠯ ᠤᠨ ᠳᠤᠲᠠᠭᠤᠳᠠᠯ ᠢ ᠡᠷᠭᠢᠴᠡᠭᠦᠯᠦᠨ

ᠪᠣᠳᠣᠯᠬᠢᠯᠠᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠬᠠᠯᠠᠭᠤᠨ ᠰᠡᠳᠬᠢᠯᠭᠡ ᠪᠠ

ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠠᠲᠤ ᠴᠢᠩᠭ᠎ᠠ ᠦᠨᠳᠦᠰᠦᠨ

ᠱᠠᠲᠤᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃

     11 ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠷᠤᠯᠳᠤᠭᠠᠨ ᠤ ᠲᠠᠪᠴᠠᠩ ᠳᠤ ᠭᠠᠷᠴᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ

ᠵᠠᠰᠠᠯᠲᠠ ᠶᠢᠨ ᠠᠵᠢᠯ ᠢ ᠬᠥᠲᠥᠯᠦᠨ ᠳᠠᠭᠠᠭᠤᠯᠬᠤ ᠰᠢᠨ᠎ᠡ ᠶᠢ ᠡᠭᠦᠳᠬᠦ ᠴᠢᠨᠠᠷ᠂ ᠪᠣᠳᠠᠲᠤ ᠪᠦᠲᠦᠮᠵᠢᠲᠦ ᠴᠢᠨᠠᠷ᠂ ᠳᠡᠯᠭᠡᠷᠡᠭᠦᠯᠦᠯᠲᠡ ᠶᠢᠨ ᠴᠢᠨᠠᠷ ᠤᠨ ᠲᠣᠭᠤᠷᠢᠨ ᠳᠤ

᠂ ︽ᠬᠠᠷᠠᠭᠠᠨ ᠳᠠᠪᠲᠠᠮᠵᠢ ᠶᠢᠨ ᠦᠵᠡᠭᠦᠯᠦᠯᠭᠡ + ᠲᠤᠰᠢᠶᠠᠯ ᠤᠨ ᠮᠡᠳᠡᠭᠦᠯᠦᠯᠲᠡ ᠶᠢᠨ ᠶᠠᠷᠢᠶ᠎ᠠ︾ ᠶᠢᠨ ᠬᠡᠯᠪᠡᠷᠢ ᠪᠠᠷ ᠲᠣᠰ ᠲᠣᠰ ᠤᠨ ᠦᠷ᠎ᠡ ᠪᠦᠲᠦᠮᠵᠢ ᠪᠠᠨ

ᠢᠯᠡᠷᠡᠭᠦᠯᠪᠡ᠃ ᠨᠠᠮ ᠤᠨ ᠪᠠᠶᠢᠭᠤᠯᠤᠯᠲᠠ᠂ ᠠᠵᠤ  ᠦᠢᠯᠡᠰ ᠢᠶᠠᠷ ᠠᠷᠠᠳ ᠢᠶᠠᠨ ᠪᠠᠶᠠᠵᠢᠭᠤᠯᠬᠤ᠂ ᠨᠤᠲᠤᠭ ᠤᠨ ᠰᠤᠷᠲᠠᠯ ᠪᠣᠯᠪᠠᠰᠤᠨ᠂ ᠠᠮᠢ ᠠᠬᠤᠶ ᠣᠷᠣᠰᠢᠨ

ᠰᠠᠭᠤᠷᠢᠰᠢᠬᠤ ᠳᠤ ᠲᠣᠬᠢᠷᠠᠮᠵᠢᠲᠠᠶ᠂ ᠵᠠᠰᠠᠯᠲᠠ ᠪᠦᠲᠦᠮᠵᠢᠲᠡᠶ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠢᠶᠠᠷ ᠢᠶᠠᠨ ᠠᠮᠵᠢᠯᠲᠠ ᠪᠠᠨ ᠭᠠᠷᠭᠠᠵᠤ᠂

ᠲᠤᠷᠰᠢᠯᠭ᠎ᠠ ᠪᠠᠨ ᠶᠠᠷᠢᠵᠤ᠂ ᠠᠷᠭ᠎ᠠ ᠬᠢᠳᠡᠯ ᠢᠶᠠᠨ ᠶᠠᠷᠢᠵᠤ᠂ ᠠᠷᠭᠠᠴᠠᠬᠤ ᠪᠣᠳᠣᠯᠭ᠎ᠠ ᠳᠤᠷᠠᠳᠤᠨ᠂ ᠬᠥᠭᠵᠢᠯᠲᠡ ᠶᠢ ᠰᠦᠪᠡᠭᠴᠢᠯᠡᠵᠦ᠂ ᠲᠣᠰ ᠰᠤᠮᠤ ᠪᠠᠯᠭᠠᠰᠤᠨ ᠤ

ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠤᠨ ᠳᠤᠮᠳᠠᠬᠢ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ

ᠪᠠ ᠠᠵᠢᠯ ᠤᠨ ᠬᠢᠯᠠᠰ ᠴᠡᠭ ᠢ ᠨᠠᠷᠢᠨ ᠲᠠᠨᠢᠯᠴᠠᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠰᠤᠮᠤ ᠪᠠᠯᠭᠠᠰᠤᠨ ᠤ ᠨᠠᠮ ᠤᠨ

ᠬᠤᠷᠢᠶᠠᠨ ᠤ ᠱᠦᠵᠢ ᠶᠢᠨ ᠠᠵᠢᠯ ᠬᠢᠵᠦ ᠦᠢᠯᠡᠰ ᠪᠤᠰᠬᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ 

擂台比武3.jpg

擂台比武4.jpg

擂台比武5.jpg

      ᠭᠤᠷᠪᠠᠨ ᠴᠠᠭ ᠭᠠᠷᠤᠶ ᠶᠢᠨ ᠬᠤᠷᠴᠠ ᠰᠢᠷᠦᠭᠦᠨ ᠤᠷᠤᠯᠳᠤᠭᠠᠨ ᠢᠶᠠᠷ ᠳᠠᠮᠵᠢᠭᠠᠳ᠂ ᠶᠡᠭᠡ ᠰᠢᠭᠡᠲᠡᠢ ᠪᠠᠯᠭᠠᠰᠤ᠂ ᠰᠤᠳᠠᠯ ᠤᠨ ᠬᠤᠳᠳᠤᠭ ᠪᠠᠯᠭᠠᠰᠤ ᠶᠢᠨ

ᠨᠠᠮ ᠤᠨ ᠬᠤᠷᠢᠶᠠᠨ ᠤ ᠱᠦᠵᠢ 2022 ᠣᠨ ᠤ ᠤᠷᠠᠳ ᠤᠨ ᠡᠮᠦᠨᠡᠲᠦ ᠬᠤᠰᠢᠭᠤᠨ ᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ

ᠳᠡᠰ ᠤᠨ ᠱᠠᠩᠨᠠᠯ ᠢ ᠭᠥᠷᠳᠡᠪᠡ︔ ᠪᠠᠭ᠎ᠠ ᠰᠢᠭᠡᠲᠡᠢ ᠪᠠᠯᠭᠠᠰᠤ᠂ ᠡᠷᠳᠡᠨᠢᠪᠤᠯᠠᠭ ᠰᠤᠮᠤ᠂ ᠰᠢᠶᠠᠨ ᠹᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠶᠠᠳᠤᠭᠠᠷ

ᠳᠡᠰ ᠤᠨ ᠱᠠᠩᠨᠠᠯ ᠬᠦᠷᠲᠡᠪᠡ︔ ᠮᠤᠨᠠ ᠠᠭᠤᠯᠠ ᠪᠠᠯᠭᠠᠰᠤ᠂ ᠮᠢᠩᠭᠠᠨ ᠪᠠᠯᠭᠠᠰᠤ᠂ ᠪᠠᠷᠠᠭᠤᠨ ᠪᠠᠭ᠎ᠠ ᠵᠤᠤ ᠪᠠᠯᠭᠠᠰᠤ᠂ ᠰᠠᠭᠠᠳᠠᠭ ᠰᠤᠮᠤ᠂ ᠪᠠᠶᠠᠨᠬᠤᠸᠠ ᠪᠠᠯᠭᠠᠰᠤ᠂

ᠰᠢᠨ ᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃

擂台比武6.jpg

    ︽ᠡᠨᠡ ᠤᠳᠠᠭᠠᠨ ᠤ ᠮᠥᠷᠦ᠋ᠢᠴᠡᠭᠡᠨ ᠪᠣᠯ ᠮᠠᠨ ᠤ ᠰᠤᠮᠤ ᠪᠠᠯᠭᠠᠰᠤᠨ ᠤ ᠠᠵᠢᠯ ᠤᠨ ᠪᠦᠬᠦᠯᠢ ᠴᠣᠭᠴᠠ ᠶᠢᠨ ᠰᠢᠯᠭᠠᠨ ᠪᠠᠶᠢᠴᠠᠭᠠᠯᠲᠠ ᠪᠣᠯᠤᠨ᠎ᠠ᠂ ᠡᠨᠡ

ᠤᠳᠠᠭᠠᠨ ᠤ ᠮᠥᠷᠦ᠋ᠢᠴᠡᠭᠡᠨ ᠢᠶᠠᠷ ᠳᠡᠮᠵᠢᠨ᠂ ᠪᠢᠳᠡ ᠪᠠᠰᠠ ᠮᠠᠰᠢ ᠣᠯᠠᠨ ᠰᠢᠨ᠎ᠡ ᠪᠣᠳᠣᠯ ᠪᠠ ᠰᠡᠳᠬᠢᠴᠡ ᠲᠠᠢ ᠪᠣᠯᠵᠠᠶ᠂ ᠲᠠᠷᠠᠭᠠᠴᠢ ᠶᠢᠨ ᠠᠯᠬᠤᠮ ᠳᠤ᠂ ᠪᠢᠳᠡ

ᠵᠠᠪᠠᠯ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡ ᠲᠣᠭᠤᠷᠢᠭ ᠬᠤᠶᠠᠷ ᠪᠦᠰᠡ᠂ ᠨᠠᠢᠮᠠᠨ ᠶᠡᠭᠡ ᠠᠵᠤ ᠦᠢᠯᠡᠰ ᠤᠨ ᠭᠤᠤᠯ ᠴᠣᠭᠴᠠ ᠶᠢᠨ

ᠰᠡᠳᠬᠢᠴᠡ ᠶᠢᠨ ᠲᠣᠭᠤᠷᠢᠨ ᠳᠤ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠠᠵᠤ ᠦᠢᠯᠡᠰ ᠢ ᠦᠨᠡᠨ ᠬᠦ ᠬᠥᠭᠵᠢᠭᠦᠯᠵᠦ᠂

ᠲᠠᠷᠢᠶᠠᠴᠢᠳ ᠤᠨ ᠣᠷᠤᠯᠭ᠎ᠠ ᠶᠢ ᠦᠨᠡᠨ ᠬᠦ ᠨᠡᠮᠡᠭᠳᠡᠭᠦᠯᠬᠦ ᠪᠠᠷ ᠴᠢᠷᠮᠠᠶᠢᠨ᠎ᠠ︾  ᠭᠡᠵᠦ ᠰᠤᠳᠠᠯ ᠤᠨ ᠬᠤᠳᠳᠤᠭ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠵᠢᠶᠠ

ᠴᠦᠩ ᠢ ᠬᠡᠯᠡᠨ᠎ᠡ᠃

     ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ︽ᠲᠠᠶᠢᠰᠠᠨ ᠤ ᠮᠦᠷᠦᠶᠢᠴᠡᠭᠡᠨ︾  ᠤ ᠠᠵᠢᠯᠯᠠᠭ᠎ᠠ ᠨᠢ ᠤᠷᠠᠳ ᠤᠨ ᠡᠮᠦᠨᠡᠲᠦ ᠬᠤᠰᠢᠭᠤᠨ ᠤ ᠡᠯ᠎ᠡ

ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠢᠲᠡᠭᠡᠯ

ᠵᠣᠷᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ

ᠬᠥᠲᠥᠯᠥᠨ ᠳᠠᠭᠠᠭᠤᠯᠬᠤ ᠳᠤ ᠨᠠᠩ ᠣᠯᠠᠨ ᠰᠢᠨ᠎ᠡ ᠠᠷᠭ᠎ᠠ᠂ ᠰᠠᠶᠢᠨ ᠠᠷᠭ᠎ᠠ᠂ ᠪᠣᠳᠠᠲᠠᠶ ᠠᠷᠭ᠎ᠠ ᠬᠠᠩᠭᠠᠬᠤ ᠶᠢᠨ ᠬᠠᠮᠲᠤ᠂ ᠪᠥᠬᠦ ᠬᠤᠰᠢᠭᠤᠨ ᠤ ᠦᠨᠳᠦᠰᠦᠨ

ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠦᠷᠢ ᠲᠥᠷᠬᠦ ᠶᠢ ᠤᠯᠠᠮ ᠨᠢᠭᠡ ᠠᠯᠬᠤᠮ ᠢᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠠᠵᠢᠯ ᠤᠨ

ᠠᠵᠢᠯᠲᠠᠳ ᠤᠨ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠬᠤᠰᠢᠭᠤ ᠳᠠᠶᠠᠭᠠᠷ ᠢᠶᠠᠨ ᠰᠡᠳᠬᠢᠯ ᠢᠶᠠᠨ

ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃

擂台比武7.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ