ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2022 ᠣᠨ ᠤ ᠬᠤᠶᠠᠳᠤᠭᠠᠷ ᠤᠯᠠᠷᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/25
      8 ᠰᠠᠷ᠎ᠠ ᠶᠢᠨ 23 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ 2022 ᠣᠨ ᠤ ᠬᠤᠶᠠᠳᠤᠭᠠᠷ ᠤᠯᠠᠷᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠳᠡᠭᠡᠷ᠎ᠡ ᠬᠠᠭᠠᠰ ᠵᠢᠯ ᠤᠨ ᠠᠵᠢᠯ ᠤᠨ ᠠᠬᠢᠴᠠ ᠶᠢ ᠳ᠋ᠦᠩᠨᠡᠨ᠂ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠣᠯᠭᠤᠯᠲᠠ ᠶᠢᠨ ᠲᠥᠪ᠂ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠭᠤᠤᠯ ᠬᠠᠷᠢᠭᠤᠴᠠᠯᠭᠠᠲᠠᠨ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠪᠴᠢᠶ᠎ᠠ ᠶᠢᠨ ᠬᠠᠷᠢᠶ᠎ᠠ ᠡᠯ᠎ᠡ ᠲᠥᠪ ᠵᠢᠴᠢ ᠬᠡᠰᠡᠭ ᠲᠠᠰᠤᠭ ᠳᠡᠭᠡᠷ᠎ᠡ ᠬᠠᠭᠠᠰ ᠵᠢᠯ ᠤᠨ ᠠᠵᠢᠯ ᠤᠨ ᠠᠬᠢᠯᠲᠠ ᠶᠢᠨ ᠪᠠᠶᠢᠳᠠᠯ ᠤᠨ ᠲᠣᠭᠤᠷᠢᠨ ᠳᠤ ᠶᠠᠷᠢᠶ᠎ᠠ ᠲᠠᠯᠪᠢᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠲᠣᠰ ᠲᠣᠰ ᠦᠨᠡᠯᠡᠯᠲᠡ ᠬᠢᠪᠠ᠃      ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠭᠤᠤᠯᠳᠠᠯᠭ᠎ᠠ ᠪᠠᠨ ᠳᠣᠪᠤᠶᠢᠯᠭᠠᠨ᠂ ᠬᠦᠴᠢᠷ ᠠᠰᠠᠭᠤᠳᠠᠯ ᠢ ᠰᠢᠪᠲᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠵᠢᠯ ᠣᠯᠭᠤᠵᠤ ᠦᠶ᠋ᠯᠡᠰ ᠪᠤᠰᠬᠠᠬᠤ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠠᠵᠢᠯ ᠨᠢ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠣᠯᠠᠩᠬᠢ ᠡᠭᠦᠷᠭᠡ ᠶᠢᠨ  ᠭᠦᠢᠴᠡᠳᠭᠡᠯ ᠲᠤᠭ᠎ᠠ ᠨᠢ ᠨᠢᠭᠡᠨᠲᠡ ᠣᠨ ᠤ ᠬᠠᠷᠠᠯᠲᠠ ᠡᠭᠦᠷᠭᠡ ᠪᠠᠨ ᠤᠷᠢᠳᠴᠢᠯᠠᠨ ᠪᠡᠶᠡᠯᠡᠭᠦᠯᠵᠦ᠂ ᠲᠠᠷᠠᠭᠠᠴᠢ ᠶᠢᠨ ᠱᠠᠭᠠᠷᠳᠠᠯᠭ᠎ᠠ ᠨᠢ ᠨᠠᠩ ᠴᠢᠩᠭ᠎ᠠ ᠨᠢᠮᠪᠠᠶ᠂ ᠨᠠᠷᠢᠨ ᠬᠢᠨᠠᠮᠠᠭᠠᠶ ᠣᠪᠣᠷ ᠢᠶᠠᠷ ᠳᠤᠤᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ  ᠭᠦᠢᠴᠡᠳᠭᠡᠯ ᠲᠤᠭ᠎ᠠ ᠪᠠᠨ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠡᠯ᠎ᠡ ᠵᠦᠶ᠋ᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠬᠦᠯᠢᠶᠡᠨ ᠠᠪᠬᠤ ᠬᠡᠷᠡᠭᠲᠡᠢ︔ ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠱᠤᠭᠤᠮ ᠢ ᠪᠥᠬᠦ ᠬᠦᠴᠦᠨ ᠢᠶᠠᠷ ᠢᠶᠠᠨ ᠪᠠᠲᠤ ᠰᠠᠬᠢᠵᠤ᠂ ᠣᠯᠠᠨ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠠᠭᠠᠳᠬᠠᠯ ᠳᠤ ᠣᠷᠣᠯᠴᠠᠵᠤ ᠬᠡᠪᠴᠢᠶ᠎ᠡ ᠶᠢ ᠥᠷᠭᠡᠳᠬᠡᠬᠦ ᠠᠵᠢᠯ ᠢ ᠥᠷᠨᠢᠭᠦᠯᠬᠦ ᠬᠡᠷᠡᠭᠲᠡᠶ︔ ᠭᠤᠷᠪᠠ ᠳᠤ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠷᠭᠦᠯᠵᠢᠯᠡᠨ ᠬᠠᠮᠠᠭᠠᠯᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠲᠠᠬᠢᠨ ᠬᠦᠴᠦᠯᠡᠬᠦ ᠬᠡᠷᠡᠭᠲᠡᠢ᠃      ᠬᠤᠷᠠᠯ ᠠᠴᠠ᠂ ᠨᠢᠭᠡ ᠳᠤ᠂ ᠦᠶ᠋ᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠵᠣᠭᠰᠣᠴᠠ ᠠᠴᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠶ᠋ᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠬᠦᠴᠢᠷ ᠢ ᠰᠥᠷᠥᠨ ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠯ᠎ᠡ ᠵᠦᠶ᠋ᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ︔ ᠬᠤᠶᠠᠷ ᠲᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠭᠠᠵᠠᠷ ᠣᠷᠣᠨ ᠤ ᠰᠠᠶᠢᠨ ᠺᠠᠳ᠋ᠷ ᠤᠨ ᠪᠠᠷᠢᠮᠵᠢᠶ᠎ᠠ ᠲᠠᠢ ᠬᠠᠷᠭᠤᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ︔ ᠭᠤᠷᠪᠠ ᠳᠤ ᠲᠥᠷᠥ ᠶᠢᠨ ᠪᠣᠳᠣᠯᠭ᠎ᠠ᠂ ᠠᠵᠢᠯ ᠤᠨ ᠪᠠᠶᠢᠷᠢ᠂ ᠦᠶ᠋ᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠤᠨ ᠭᠠᠷ ᠲᠤ ᠣᠷᠣᠭᠤᠯᠵᠤ᠂ ᠨᠡᠶᠢᠭᠡᠮ ᠤᠨ ᠦᠶ᠋ᠯᠡᠴᠢᠯᠡᠭᠡ ᠶᠢ ᠨᠠᠩ ᠦᠷ᠎ᠡ ᠪᠦᠲᠦᠮᠵᠢᠲᠡᠶ᠂ ᠨᠠᠩ ᠬᠠᠯᠠᠭᠤᠨ ᠳᠤᠯᠠᠭᠠᠨ ᠪᠣᠯᠭᠠᠬᠤ ᠬᠡᠷᠡᠭᠲᠡᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ